ᠣᠶᠢᠷ᠎ᠠ ᠳᠤ᠂ ᠮᠠᠨ ᠤ ᠠᠶᠢᠮᠠᠭ ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠭᠦᠨᠵᠡᠭᠡᠢ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠦ᠂ ᠡᠨᠡ ᠵᠢᠯ ᠪᠠ ᠢᠷᠡᠬᠦ ᠵᠢᠯ ᠳᠤ | ᠮᠠᠨ ᠤ ᠠᠶᠢᠮᠠᠭ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠪᠠ ᠨᠡᠷᠡᠳᠦ ᠲᠡᠮᠳᠡᠭ ᠤᠨ | ᠪᠠᠶᠢᠭᠤᠯᠤᠯᠲᠠ ᠶᠢ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠢᠬᠠᠨ ᠤ ᠦᠬᠡᠷ ᠤᠨ ᠠᠵᠤ | ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ | ᠭᠡᠵᠦ ᠲᠣᠳᠣᠷᠬᠠᠢ ᠲᠤᠬᠳᠠᠭᠠᠪᠠ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ᠂ ᠮᠠᠨ ᠤ ᠠᠶᠢᠮᠠᠭ ︽ᠡᠷᠦᠭᠡ ᠳᠤ ᠲᠡᠵᠢᠭᠡᠨ | ᠦᠷᠡᠵᠢᠭᠦᠯᠵᠦ ᠠᠵᠦ ᠠᠬᠤᠶᠢᠯᠠᠯ ᠳᠤ ᠪᠤᠷᠳᠤᠨ ᠲᠠᠷᠭᠤᠯᠠᠭᠤᠯᠬᠤ︾ ᠬᠠᠮᠳᠤᠷᠠᠯᠴᠠᠭᠠᠨ ᠤ ᠵᠠᠬᠪᠤᠷ ᠢ | ᠵᠤᠷᠢᠬᠵᠢᠭᠤᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠲᠤᠭᠤᠯ ᠳᠤᠰᠴᠦ᠂ ᠠᠶᠢᠮᠠᠭ ᠤᠨ ᠳᠣᠲᠣᠷᠠᠬᠢ ᠲᠤᠭᠤᠯ | ᠪᠣᠷᠳᠣᠨ ᠲᠠᠷᠭᠤᠯᠠᠭᠤᠯᠬᠤ ᠲᠠᠯᠠᠪᠠᠶ ᠳᠤ ᠬᠤᠳᠠᠯᠳᠤᠨ ᠥᠭᠬᠦ᠂ ᠪᠤᠷᠳᠤᠨ ᠳᠠᠷᠭᠤᠯᠠᠭᠤᠯᠬᠤ ᠳᠠᠯᠠᠪᠠᠢ ᠶᠢᠨ ᠳᠤᠭᠤᠯ | ᠬᠤᠳᠠᠯᠳᠤᠨ ᠠᠪᠴᠦ ᠪᠤᠷᠳᠤᠨ ᠳᠠᠷᠭᠤᠯᠠᠭᠤᠯᠬᠤ ᠶᠢ ᠢᠳᠡᠪᠬᠢᠳᠠᠢ ᠭᠦᠳᠦᠯᠦᠨ ᠵᠢᠯᠤᠭᠤᠳᠤᠨ᠎ᠠ︔ ᠵᠣᠬᠢᠬᠤ | ᠬᠡᠪᠴᠢᠶ᠎ᠠ ᠪᠠᠷ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠶᠢ ᠵᠣᠷᠢᠭᠵᠢᠭᠤᠯᠵᠦ᠂ ᠠᠶᠢᠮᠠᠭ ᠤᠨ ᠳᠣᠲᠣᠷᠠᠬᠢ | ᠪᠣᠷᠳᠤᠨ ᠲᠠᠷᠭᠤᠯᠠᠭᠤᠯᠬᠤ ᠠᠵᠤ ᠠᠬᠤᠶᠢᠯᠠᠯ ᠤᠨ ᠲᠠᠩᠰᠠ ᠡᠪᠬᠡᠮᠡᠯ ᠪᠠ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ᠂ ᠠᠶᠢᠮᠠᠭ ᠤᠨ ᠳᠣᠲᠣᠷᠠᠬᠢ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠲᠠᠯᠠᠪᠠᠶ ᠨᠢ ᠪᠤᠷᠳᠤᠨ | ᠳᠠᠷᠭᠤᠯᠠᠭᠤᠯᠤᠬᠰᠠᠨ ᠦᠭᠡᠷ ᠢᠶᠠᠨ ᠠᠶᠢᠮᠠᠭ ᠤᠨ ᠳᠣᠲᠣᠷᠠᠬᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ | ᠬᠤᠳᠠᠯᠳᠤᠪᠠᠯ ᠨᠥᠬᠦᠪᠦᠷᠢ ᠣᠯᠭᠤᠨ᠎ᠠ︔ ᠠᠶᠢᠮᠠᠭ ᠤᠨ ᠳᠤᠳᠤᠭᠠᠳᠦ ᠶᠢᠨ ᠠᠵᠦ ᠠᠬᠤᠶᠢᠯᠠᠯ ᠤᠨ ᠨᠠᠷᠢᠯᠢᠭ ᠬᠦᠨᠵᠡᠭᠡᠢ | ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠵᠦ᠂ ᠠᠶᠢᠮᠠᠭ ᠤᠨ ᠲᠤᠳᠤᠭᠠᠳᠦ ᠳᠤ ᠪᠤᠷᠳᠤᠨ ᠲᠠᠷᠭᠤᠯᠠᠭᠤᠯᠤᠬᠰᠠᠨ | ᠦᠭᠡᠷ ᠢ ᠵᠢᠯ ᠳᠤ 2000 ᠠᠴᠠ ᠳᠡᠭᠡᠭᠰᠢ ᠨᠢᠲᠤᠯᠵᠤ ᠡᠳ᠋ᠰᠢᠭᠦᠯᠦᠭᠰᠡᠨ ᠠᠵᠤ ᠠᠬᠤᠶᠢᠯᠠᠯ ᠢ 100 ᠲᠦᠮᠡᠨ | ᠲᠥᠭᠦᠷᠢᠭ ᠢᠶᠠᠷ ᠱᠠᠩᠨᠠᠵᠤ᠂ 100 ᠦᠭᠡᠷ ᠨᠡᠮᠡᠭᠳᠡᠬᠦᠯᠭᠦ ᠪᠤᠯᠭᠠᠨ ᠢᠯᠡᠭᠦᠦ 5 ᠲᠦᠮᠡᠨ ᠲᠥᠭᠦᠷᠢᠭ ᠢᠶᠠᠷ ᠱᠠᠩᠨᠠᠨ᠂ | ᠱᠠᠩᠨᠠᠯ ᠤᠨ ᠮᠦᠡᠭᠭᠦ ᠶᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠭᠡᠳᠦᠷᠡᠭᠦᠯᠭᠦ ᠦᠭᠡᠢ︔ | ᠮᠢᠬᠠᠨ ᠤ ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠠᠶᠢᠮᠠᠭ ᠤᠨ ᠳᠣᠲᠣᠷ᠎ᠠ ᠪᠣᠷᠳᠣᠵᠤ ᠲᠠᠷᠭᠤᠯᠠᠭᠤᠯᠤᠭᠰᠠᠨ ᠦᠬᠡᠷ ᠢ ᠨᠢᠲᠤᠯᠵᠤ ᠡᠳ᠋ᠰᠢᠭᠦᠯᠦᠭᠰᠡᠨ | ᠮᠥᠷᠲᠡᠭᠡᠨ C ᠦᠵᠦᠭᠦᠷ ᠤᠨ ᠪᠣᠷᠤᠯᠠᠭᠤᠯᠭ᠎ᠠ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠰᠢᠯᠢ ᠶᠢᠨ ᠭᠤᠣᠯ | ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠬᠦᠢᠲᠡᠨ ᠬᠡᠯᠬᠢᠶᠡᠲᠦ | ᠲᠡᠭᠡᠭᠡᠪᠦᠷᠢ ᠪᠠ ᠭᠡᠷᠡᠭᠯᠡᠭᠴᠢ ᠠᠴᠠ ᠬᠠᠮᠤᠭ ᠤᠨ ᠤᠶᠢᠷᠠᠬᠠᠨ ᠬᠥᠮᠥᠷᠭᠡ ᠶᠢ ᠤᠷᠢᠳ ᠢᠶᠠᠷ ᠬᠡᠷᠡᠭᠯᠡᠭᠦᠯᠦᠨ᠎ᠡ᠃ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ᠂ ᠮᠥᠩᠭᠦᠨ ᠭᠦᠢᠯᠭᠡᠭᠡ᠂ ᠢᠲᠡᠭᠡᠮᠵᠢ ᠶᠢᠨ ᠲᠠᠭᠠᠭᠠᠨ | ᠪᠠᠳᠤᠯᠠᠭ᠎ᠠ ᠶᠢᠨ ᠪᠠᠶᠢᠭᠤᠯᠤᠮᠵᠢ ᠶᠢ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ | ᠭᠦᠢᠯᠭᠡᠭᠡᠨ ᠤ ᠪᠦᠳᠦᠭᠡᠭᠳᠡᠭᠦᠨ ᠤ ᠰᠢᠨ᠎ᠠ ᠶᠢ ᠡᠭᠦᠳᠴᠦ᠂ ᠪᠡᠯᠡ ᠬᠤᠷᠠᠮᠳᠤᠭᠤᠯᠭ᠎ᠠ ᠶᠢᠨ ᠥᠪᠡᠷ ᠤᠨ ᠦᠷᠳᠡᠭ ᠢ | ᠪᠠᠭᠤᠷᠠᠭᠤᠯᠬᠤ ᠶᠢ ᠵᠤᠷᠢᠭᠵᠢᠭᠤᠯᠤᠨ᠎ᠠ᠃ ᠨᠦᠭᠦᠴᠡᠯ ᠳᠤ ᠨᠡᠶᠢᠴᠡᠭᠦ ᠭᠡᠪᠴᠢᠶᠡᠵᠢᠭᠰᠡᠨ ᠮᠢᠬᠠᠨ ᠤ ᠦᠬᠡᠷ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠪᠣᠯᠣᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠬᠠᠷᠠᠭᠠᠯᠵᠠᠯᠳᠦ ᠵᠢᠭᠡᠯᠡᠯᠭᠡ | ᠡᠷᠡᠮᠡᠯᠵᠡᠭᠦ ᠳᠤ ᠰᠢᠯᠢ ᠶᠢᠨ ᠭᠤᠣᠯ ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ | ᠨᠥᠬᠦᠴᠡᠯ ᠢᠶᠠᠷ ᠤᠷᠢᠳ ᠢᠶᠠᠷ ᠳᠡᠮᠵᠢᠨ᠎ᠡ᠃ ᠵᠢᠭᠡᠯᠡᠯᠭᠡ ᠶᠢᠨ ᠮᠦᠡᠭᠭᠦᠨ ᠤ ᠲᠤᠭ᠎ᠠ ᠶᠢ ᠪᠣᠷᠳᠣᠨ ᠲᠠᠷᠭᠤᠯᠠᠭᠤᠯᠬᠤ ᠪᠠ | ᠨᠢᠲᠤᠯᠵᠤ ᠡᠳ᠋ᠰᠢᠭᠦᠯᠬᠦ ᠪᠣᠳᠠᠲᠠᠢ ᠲᠤᠭ᠎ᠠ ᠬᠡᠮᠵᠢᠶ᠎ᠡ ᠲᠠᠢ ᠬᠤᠯᠪᠣᠵᠤ᠂ ᠵᠢᠭᠡᠯᠡᠯᠭᠡ ᠶᠢᠨ ᠮᠦᠡᠭᠭᠦ ᠶᠢ 3000 ᠲᠦᠮᠡᠨ | ᠲᠥᠭᠦᠷᠢᠭ ᠠᠴᠠ ᠭᠡᠳᠦᠷᠡᠭᠦᠯᠭᠦ ᠦᠭᠡᠢ ᠪᠠᠶᠢᠵᠦ᠂ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠢ ᠶᠢᠨ | ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠦ ᠨᠣᠷᠮ᠎ᠠ︶ ᠠᠴᠠ | ᠭᠡᠳᠦᠷᠡᠭᠦᠯᠭᠦ ᠦᠭᠡᠢ ᠪᠠᠷ 50% ᠶᠢᠨ ᠭᠦᠦ ᠮᠦᠡᠭᠭᠦ ᠶᠢ ᠨᠢ ᠤᠷᠤᠯᠠᠨ ᠦᠭᠭᠦᠨ᠎ᠠ᠃ | ᠠᠷᠠᠯᠵᠢᠶᠠᠴᠢᠨ ᠤᠷᠢᠵᠤ ᠪᠡᠯᠡ ᠲᠠᠳᠠᠬᠤ ᠲᠠᠯ᠎ᠠ ᠪᠠᠷ᠂ ᠮᠢᠬᠠᠨ ᠤ ᠦᠬᠡᠷ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠮᠠᠨ ᠤ ᠠᠶᠢᠮᠠᠭ ᠤᠨ ᠠᠩᠭᠢᠰ ᠦᠬᠡᠷ ᠵᠢᠴᠢ | ᠸᠠᠬᠢᠶ᠋ᠢᠤ᠋ ᠦᠬᠡᠷ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ 1-2 ᠳᠡᠭᠡᠳᠦ ᠲᠠᠰ ᠤᠨ ᠮᠢᠬᠠᠨ ᠤ | ᠦᠬᠡᠷ ᠤᠨ ᠨᠢᠭᠡ ᠴᠣᠭᠴᠠᠵᠢᠭᠤᠯᠤᠬᠰᠠᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠠᠲᠠᠨ ᠤᠷᠤᠭᠤᠯᠵᠦ᠂ | ᠠᠶᠢᠮᠠᠭ ᠤᠨ ᠳᠣᠲᠣᠷ᠎ᠠ ᠪᠠᠨ ᠳᠡᠭᠡᠳᠦ ᠳᠡᠰ ᠤᠨ ᠦᠭᠡᠷ ᠤᠨ ᠮᠢᠬ᠎ᠠ ᠨᠠᠷᠢᠯᠢᠭ ᠡᠳ᠋ᠰᠢᠭᠦᠯᠦᠨ ᠪᠣᠷᠣᠯᠠᠭᠤᠯᠵᠤ᠂ | ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠮᠠᠨ ᠤ | ᠠᠶᠢᠮᠠᠭ ᠤᠨ ᠳᠡᠭᠡᠳᠦ ᠲᠠᠰ ᠤᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ ᠰᠠᠶᠢᠨ | ᠰᠠᠭᠤᠷᠢ ᠲᠠᠯᠪᠢᠨ᠎ᠠ᠃ |