︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ︵2024 ᠣᠨ ᠤ ᠬᠡᠪᠯᠡᠯ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/7/5
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠪᠠᠷ ᠵᠠᠰᠠᠪᠤᠷᠢᠯᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ︵2024 ᠬᠡᠪᠯᠡᠯ︶︾ ︵ᠳᠣᠷᠣᠭᠰᠢ ︽ᠪᠡᠯᠡᠳᠬᠡᠯ  ᠲᠥᠰᠥᠯ︾  ᠭᠡᠵᠦ  ᠲᠣᠪᠴᠢᠯᠠᠪᠠ︶ ᠢ ᠳᠠᠷᠤᠮᠠᠯᠯᠠᠨ ᠲᠠᠷᠬᠠᠭᠠᠪᠠ᠃ ᠲᠣᠰ ᠤᠳᠠᠭ᠎ᠠ ︽ᠪᠡᠯᠡᠳᠬᠡᠯ ᠲᠥᠰᠥᠯ︾ ᠳᠤ ᠵᠠᠰᠠᠪᠤᠷᠢ ᠣᠷᠣᠭᠤᠯᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠣᠶᠢᠷ᠎ᠠ ᠶᠢᠨ ᠵᠢᠯ ᠤᠳ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠭᠰᠠᠨ ᠲᠤᠷᠰᠢᠯᠭ᠎ᠠ ᠪᠠ ᠠᠷᠭ᠎ᠠ ᠬᠢᠳᠡᠯ ᠨᠦᠭᠦᠳ ᠢ ᠨᠠᠷᠢᠨ ᠬᠢᠨᠠᠮᠠᠭᠠᠢ ᠳ᠋ᠦᠩᠨᠡᠵᠦ᠂ ᠰᠢᠨ᠎ᠡ ᠴᠠᠭ ᠦᠶ᠎ᠡ ᠶᠢᠨ ᠪᠠᠶᠢᠭᠠᠯᠢ ᠶᠢᠨ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠢᠨ᠎ᠡ ᠬᠡᠷᠡᠭᠴᠡᠭᠡ ᠶᠢ ᠠᠩᠬᠠᠷᠴᠤ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠡᠰ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠡᠬᠢᠯᠡᠭᠦᠯᠬᠦ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠪᠥᠬᠦ ᠲᠠᠯ᠎ᠠ ᠪᠠᠷ ᠵᠢᠷᠤᠮᠵᠢᠭᠤᠯᠤᠨ ᠲᠡᠭᠦᠯᠳᠡᠷᠵᠢᠭᠦᠯᠪᠡ᠃      ᠨᠢᠭᠡ᠂ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠪᠡ᠃ᠪᠡᠯᠡᠳᠬᠡᠯ ᠲᠥᠰᠥᠯ︾ ᠳᠤ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠡᠭᠦᠷᠭᠡ ᠴᠢᠳᠠᠮᠵᠢ ᠶᠢ ᠲᠣᠳᠣᠷᠬᠠᠶᠢᠯᠠᠨ᠂ ᠲᠡᠭᠦᠨ ᠤ ᠪᠦᠬᠦ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠲᠦᠷᠦᠭᠦᠯᠡᠨ ᠶᠡᠷᠦᠩᠬᠡᠶᠢᠯᠡᠨ ᠠᠳᠬᠤᠬᠤ᠂ ᠶᠡᠷᠦᠩᠬᠡᠶᠢᠯᠡᠨ ᠨᠢᠭᠡᠳᠦᠯᠲᠡᠢ ᠲᠥᠯᠥᠪᠯᠡᠬᠦ᠂ ᠵᠢᠯᠣᠭᠤᠳᠤᠨ ᠰᠢᠮᠳᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠠᠢ᠂ ᠪᠠᠰᠠ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠨᠦᠭᠦᠳ ᠤᠨ ᠲᠤᠰᠬᠠᠢ ᠮᠡᠷᠭᠡᠵᠢᠯ ᠤᠨ ᠳᠠᠪᠠᠭᠤᠯᠢᠭ᠂ ᠠᠵᠢᠯ ᠲᠦᠷᠦᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢ ᠠᠬᠢᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠠᠵᠢᠯᠯᠠᠭ᠎ᠠ ᠡᠬᠢᠯᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠵᠢᠯᠤᠭᠤᠳᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠭᠠᠮᠰᠢᠭ ᠲᠤ ᠬᠤᠯᠪᠤᠭᠳᠠᠬᠤ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠤᠨ ᠵᠣᠬᠢᠴᠠᠭᠤᠯᠤᠨ ᠬᠥᠳᠡᠯᠦᠯᠴᠡᠬᠦ᠂ ᠬᠠᠮᠲᠤᠷᠠᠨ ᠠᠷᠭᠠᠴᠠᠵᠤ ᠵᠢᠯᠤᠭᠤᠳᠬᠤ ᠲᠣᠭᠲᠠᠴᠠ ᠶᠢ ᠪᠠᠶᠢᠭᠤᠯᠵᠠᠢ᠃ ︽ᠪᠡᠯᠡᠳᠬᠡᠯ ᠲᠥᠰᠥᠯ︾ ᠳᠤ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠠᠯᠪᠠᠨ ᠭᠡᠷ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠡᠭᠦᠷᠭᠡ ᠴᠢᠳᠠᠮᠵᠢ ᠶᠢ ᠲᠣᠳᠣᠷᠬᠠᠶᠢᠯᠠᠭᠰᠠᠨ ᠮᠥᠷᠲᠡᠭᠡᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ ᠶᠢ ᠲᠤᠰᠬᠠᠢ ᠲᠣᠭᠲᠠᠭᠠᠭᠰᠠᠨ ᠨᠢ ᠪᠦᠬᠦ᠋ᠢᠯᠡ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠨᠡᠩ ᠪᠦᠷᠢᠨ ᠲᠡᠭᠦᠯᠳᠡᠷᠵᠢᠭᠦᠯᠪᠡ᠃      ᠬᠤᠶᠠᠷ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠶᠢ ᠴᠢᠨᠠᠭᠰᠢᠳᠠ ᠤᠯᠠᠮ ᠵᠢᠷᠤᠮᠵᠢᠭᠤᠯᠪᠠ᠃ ︽ᠪᠡᠯᠡᠳᠬᠡᠯ ᠲᠥᠰᠥᠯ︾ ᠤᠨ ᠳᠥᠷᠪᠡᠳᠦᠭᠡᠷ ᠪᠦᠯᠦᠭ ᠢ ᠲᠤᠰᠬᠠᠢ ᠪᠦᠯᠦᠭ ᠪᠣᠯᠭᠠᠨ ︽ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ︾ ᠠᠵᠢᠯ ᠢ ᠳᠣᠭᠲᠠᠭᠠᠵᠠᠢ᠃ ᠲᠤᠰ ᠪᠦᠯᠦᠭ ᠲᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠪᠦᠷᠢᠳᠬᠡᠭᠡᠳ ᠮᠡᠳᠡᠭᠦᠯᠦᠨ ᠬᠦᠷᠭᠡᠬᠦ᠂ ᠬᠢᠨᠠᠨ ᠪᠠᠶᠢᠴᠠᠭᠠᠭᠠᠳ ᠦᠨᠡᠯᠡᠨ ᠵᠢᠱᠢᠬᠦ᠂ ᠵᠥᠪᠳᠡᠯᠴᠡᠭᠡᠳ ᠬᠢᠨᠠᠨ ᠲᠣᠭᠲᠠᠭᠠᠬᠤ᠂ ᠰᠠᠯᠠᠭ᠎ᠠ ᠮᠥᠴᠢᠷ ᠤᠳ ᠬᠤᠭᠤᠷᠤᠨᠳᠤ ᠪᠠᠨ ᠮᠡᠳᠡᠭᠡ ᠵᠠᠩᠭᠢ ᠪᠠᠨ ᠬᠠᠮᠲᠤ ᠪᠠᠷ ᠬᠦᠷᠲᠡᠬᠦ ᠵᠡᠷᠭᠡ ᠠᠵᠢᠯ ᠤᠳ ᠢ ᠰᠠᠶᠢᠲᠤᠷ ᠬᠢᠵᠦ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠴᠢ ᠨᠡᠶᠢᠲᠡᠯᠡᠬᠦ ᠵᠡᠷᠭᠡ ᠲᠠᠯ᠎ᠠ ᠶᠢᠨ ᠠᠵᠢᠯ ᠤᠳ ᠤᠨ ᠲᠠᠰ ᠳᠠᠷᠠᠭᠠᠯᠠᠯ᠂ ᠠᠭᠤᠯᠭ᠎ᠠ ᠶᠢᠨ ᠠᠢ᠂ ᠴᠠᠭ ᠤᠨ ᠬᠢᠵᠠᠭᠠᠷ ᠤᠨ ᠱᠠᠭᠠᠷᠳᠠᠯᠭ᠎ᠠ ᠵᠡᠷᠭᠡ ᠠᠭᠤᠯᠭ᠎ᠠ ᠨᠤᠭᠤᠳ ᠢ ᠭᠤᠣᠯᠳᠠᠯᠭ᠎ᠠ ᠲᠠᠢ ᠵᠢᠷᠤᠮᠵᠢᠭᠤᠯᠤᠨ᠂ ᠭᠠᠮᠰᠢᠭ ᠤᠨ ᠪᠠᠶᠢᠳᠠᠯ ᠢ ᠬᠠᠮᠢᠶᠠᠷᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠣᠷᠣᠨ ᠨᠤᠲᠤᠭ ᠤᠨ ᠭᠠᠮᠰᠢᠭ ᠢ ᠮᠡᠳᠡᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠭᠤᠷᠪᠠ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠴᠢᠨᠠᠭᠰᠢᠳᠠ ᠤᠯᠠᠮ ᠰᠢᠯᠢᠳᠡᠭᠵᠢᠭᠦᠯᠪᠡ᠃ ᠪᠡᠯᠡᠳᠬᠡᠯ ᠲᠥᠰᠥᠯ︾ ᠨᠢ ᠠᠪᠤᠷᠠᠨ ᠲᠤᠰᠠᠯᠠᠬᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ ᠵᠢᠴᠢ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠳᠣᠬᠢᠷᠠᠭᠤᠯᠵᠤ ᠲᠡᠭᠦᠯᠳᠡᠷᠵᠢᠭᠦᠯᠪᠡ᠃ ᠨᠢᠭᠡ ᠳᠤ᠂ ᠠᠵᠢᠯᠯᠠᠭ᠎ᠠ ᠶᠢ ᠡᠬᠢᠯᠡᠭᠦᠯᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ︽ᠪᠡᠯᠡᠳᠬᠡᠯ ᠲᠥᠰᠥᠯ︾ ᠳᠤ ᠡᠬᠢᠯᠡᠭᠦᠯᠬᠦ ᠨᠥᠬᠦᠴᠡᠯ ᠤᠨ ᠡᠮᠦᠨ᠎ᠡ ︽ᠪᠤᠶᠤ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ ᠢᠯᠡᠷᠡᠵᠦ ᠮᠡᠳᠡᠬᠦ︾ ᠭᠡᠬᠦ ᠥᠭᠦᠯᠡᠯᠲᠡ ᠶᠢ ᠨᠡᠮᠡᠭᠰᠡᠨ ᠤ ᠵᠣᠷᠢᠯᠭ᠎ᠠ ᠨᠢ ᠳᠠᠷᠤᠢ ᠡᠷᠲᠡᠬᠡᠨ ᠡᠬᠢᠯᠡᠭᠦᠯᠵᠦ᠂ ᠡᠷᠲᠡᠬᠡᠨ ᠠᠵᠢᠯᠯᠠᠭ᠎ᠠ ᠠᠪᠴᠤ᠂ ᠡᠷᠲᠡᠬᠡᠨ ᠠᠪᠤᠷᠠᠨ ᠲᠤᠰᠠᠯᠠᠬᠤ ᠶᠢᠨ ᠲᠥᠯᠥᠭᠡ ᠶᠤᠮ᠃ ᠬᠤᠶᠠᠷ ᠲᠤ᠂ ᠭᠠᠮᠰᠢᠭ ᠢ ᠠᠷᠭᠠᠴᠠᠨ ᠰᠢᠢᠳᠪᠦᠷᠢᠯᠡᠬᠦ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠵᠢᠮ᠎ᠡ ᠶᠣᠰᠣ ᠪᠠ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠤᠨ ᠡᠭᠦᠷᠭᠡ ᠬᠠᠷᠢᠭᠤᠴᠠᠯᠭ᠎ᠠ ᠪᠠ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠴᠢᠨᠠᠭᠰᠢᠳᠠ ᠤᠯᠠᠮ ᠲᠡᠭᠦᠯᠳᠡᠷᠵᠢᠭᠦᠯᠦᠨ ᠨᠠᠷᠢᠯᠢᠭᠵᠢᠭᠤᠯᠬᠤ ᠶᠢᠨ ᠬᠠᠮᠲᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠤᠷᠢᠶᠠᠩᠭᠤᠶᠢᠯᠠᠨ ᠲᠥᠷᠥᠯ ᠠᠩᠭᠢᠯᠠᠭᠠᠳ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠮᠵᠢ ᠶᠢ ᠨᠠᠩ ᠳᠣᠪᠤᠶᠢᠯᠭᠠᠵᠤ᠂ ᠡᠯ᠎ᠡ ᠰᠠᠯᠠᠭ᠎ᠠ ᠮᠥᠴᠢᠷ ᠤᠳ ᠤᠨ ᠮᠡᠷᠭᠡᠵᠢᠯ ᠪᠠ ᠠᠵᠢᠯ ᠲᠥᠷᠥᠯ ᠤᠨ ᠳᠠᠪᠠᠭᠤᠯᠢᠭ ᠢ ᠨᠢ ᠨᠠᠩ ᠰᠠᠶᠢᠲᠤᠷ ᠪᠠᠳᠠᠷᠠᠭᠤᠯᠪᠠ᠃ ᠭᠤᠷᠪᠠ ᠳᠤ᠂ ᠠᠵᠢᠯᠯᠠᠭ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠳᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠬᠥᠳᠡᠯᠦᠯᠲᠡ᠂ ᠭᠠᠵᠠᠷ ᠵᠦᠢ ᠶᠢᠨ ᠭᠠᠢ ᠭᠠᠮᠰᠢᠭ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠳᠤ ᠨᠢᠭᠡᠨᠲᠡ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠡᠬᠢᠯᠡᠭᠦᠯᠦᠭᠰᠡᠨ ᠪᠠᠶᠢᠪᠠᠯ᠂ ᠶᠡᠷᠦᠩᠬᠡᠶᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠭᠲᠠᠭᠠᠯ ᠶᠣᠰᠣᠭᠠᠷ ᠭᠠᠮᠰᠢᠭ ᠠᠴᠠ ᠠᠪᠤᠷᠠᠨ ᠲᠤᠰᠠᠯᠠᠬᠤ ᠠᠵᠢᠯᠯᠠᠭ᠎ᠠ ᠪᠠᠨ ᠡᠬᠢᠯᠡᠭᠦᠯᠵᠦ᠂ ᠭᠠᠮᠰᠢᠭ ᠠᠴᠠ ᠠᠪᠤᠷᠠᠨ ᠲᠤᠰᠠᠯᠠᠬᠤ ᠠᠵᠢᠯᠯᠠᠭ᠎ᠠ ᠪᠠ ᠭᠤᠣᠯ ᠭᠠᠮᠰᠢᠭ ᠤᠨ ᠲᠥᠷᠥᠯ ᠤᠨ ᠡᠯ᠎ᠡ ᠪᠡᠯᠡᠳᠬᠡᠯ ᠲᠥᠰᠥᠯ ᠢ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠪᠣᠯᠣᠨ᠎ᠠ᠃ ᠳᠥᠷᠪᠡ ᠳᠤ᠂ ᠣᠶᠢᠷ᠎ᠠ ᠶᠢᠨ ᠵᠢᠯ ᠤᠳ ᠲᠠᠬᠢ ᠭᠠᠮᠰᠢᠭ ᠠᠴᠠ ᠠᠪᠤᠷᠠᠨ ᠲᠤᠰᠠᠯᠠᠭᠰᠠᠨ ᠦᠢᠯᠡᠳᠦᠯᠭᠡ ᠪᠠ ᠭᠠᠮᠰᠢᠭᠳᠠᠭᠰᠠᠨ ᠣᠯᠠᠨ ᠲᠦᠮᠡᠨ ᠤ ᠪᠠᠴᠢᠮ ᠬᠡᠷᠡᠭᠴᠡᠭᠡ ᠳᠤ ᠴᠢᠭᠯᠡᠭᠦᠯᠦᠨ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ ᠲᠣᠭᠲᠠᠴᠠ᠂ ᠭᠠᠮᠰᠢᠭ ᠠᠴᠠ ᠠᠪᠤᠷᠠᠬᠤ ᠠᠮᠢᠳᠤᠷᠠᠯ ᠤᠨ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠲᠣᠭᠲᠠᠴᠠ ᠶᠢ ᠪᠠᠶᠢᠭᠤᠯᠵᠤ᠂ ᠠᠵᠢᠯᠯᠠᠬᠤ ᠳᠤᠭᠤᠶᠢᠯᠠᠩ ᠢ ᠤᠷᠢᠳᠴᠢᠯᠠᠨ ᠲᠣᠮᠢᠯᠠᠵᠤ ᠲᠤᠬᠠᠢ ᠶᠢᠨ ᠭᠠᠵᠠᠷ ᠲᠤ ᠨᠢ ᠵᠢᠭᠠᠨ ᠵᠢᠯᠣᠭᠤᠳᠤᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠬᠤ ᠵᠡᠷᠭᠡ ᠪᠣᠳᠠᠲᠠᠢ ᠱᠠᠭᠠᠷᠳᠠᠯᠭ᠎ᠠ ᠨᠤᠭᠤᠳ ᠢ ᠲᠣᠳᠣᠷᠬᠠᠢ ᠲᠣᠭᠲᠠᠭᠠᠪᠠ᠃      ᠳᠥᠷᠪᠡ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠨᠠᠭᠰᠢᠳᠠ ᠤᠯᠠᠮ ᠴᠢᠩᠭᠠᠷᠠᠭᠤᠯᠪᠠ᠃ ᠨᠢᠭᠡ ᠳᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ︽ᠪᠡᠯᠡᠳᠬᠡᠯ ᠲᠥᠰᠥᠯ︾ ᠳᠤ ᠰᠢᠯᠵᠢᠯᠲᠡ ᠶᠢᠨ ᠬᠤᠭᠤᠴᠠᠭᠠᠨ ᠳᠠᠬᠢ ᠠᠪᠤᠷᠠᠨ ᠲᠤᠰᠠᠯᠠᠬᠤ ᠬᠥᠮᠥᠨ ᠠᠮᠠ ᠶᠢᠨ ᠬᠡᠪᠴᠢᠶ᠎ᠡ ᠶᠢ ᠥᠷᠭᠡᠳᠬᠡᠨ ᠰᠢᠨᠡᠳᠬᠡᠵᠦ᠂ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠶᠠᠷ ᠲᠤ᠂ ︽ᠪᠡᠯᠡᠳᠬᠡᠯ ᠲᠥᠰᠥᠯ︾ ᠳᠤ᠂ ᠬᠤᠳᠠᠯᠳᠤᠭᠠᠨ ᠤ ᠳᠠᠭᠠᠳᠬᠠᠯ ᠤᠨ ᠠᠵᠤ ᠠᠬᠤᠢ ᠶᠢᠨ ᠨᠥᠬᠦᠪᠦᠷᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠦᠨᠳᠦ ᠭᠠᠮᠰᠢᠭᠳᠠᠭᠰᠠᠨ ᠣᠷᠣᠨ ᠰᠠᠭᠤᠴᠠ ᠶᠢᠨ ᠳᠠᠭᠠᠳᠬᠠᠯ ᠵᠡᠷᠭᠡ ᠬᠠᠮᠢᠶ᠎ᠠ ᠪᠦᠬᠦᠢ ᠳᠠᠭᠠᠳᠬᠠᠯ ᠤᠳ ᠢ ᠬᠥᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠳᠠᠬᠢᠨ ᠰᠡᠷᠭᠦᠭᠡᠨ ᠪᠠᠶᠢᠭᠤᠯᠬᠤ ᠪᠡᠯᠡ ᠮᠥᠩᠭᠦᠨ ᠤ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠪᠤᠷᠠᠨ ᠲᠤᠰᠠᠯᠠᠬᠤ ᠬᠦᠷᠢᠶ᠎ᠡ ᠪᠠ ᠠᠷᠭ᠎ᠠ ᠵᠠᠮ ᠢᠶᠠᠨ ᠥᠷᠭᠡᠳᠬᠡᠬᠦ ᠶᠢ ᠴᠢᠬᠤᠯᠠᠴᠢᠯᠠᠵᠠᠢ᠃ ᠭᠤᠷᠪᠠ ᠳᠤ᠂ ︽ᠪᠡᠯᠡᠳᠬᠡᠯ ᠲᠥᠰᠥᠯ︾ ᠳᠤ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠯᠲᠠ᠂ ᠨᠤᠷᠠᠭᠰᠠᠨ ᠣᠷᠣᠨ ᠰᠠᠭᠤᠴᠠ ᠶᠢ ᠰᠡᠷᠭᠦᠭᠡᠨ ᠪᠠᠶᠢᠭᠤᠯᠬᠤ ᠠᠪᠤᠷᠠᠨ ᠲᠤᠰᠠᠯᠠᠯᠲᠠ᠂ ᠡᠪᠦᠯ ᠬᠠᠪᠤᠷ ᠤᠨ ᠠᠪᠤᠷᠠᠨ ᠲᠤᠰᠠᠯᠠᠯᠲᠠ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠲᠡᠰ ᠳᠠᠷᠠᠭᠠᠯᠠᠯ᠂ ᠠᠪᠤᠷᠠᠨ ᠲᠤᠰᠠᠯᠠᠬᠤ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ᠡᠯ᠎ᠡ ᠲᠦᠷᠦᠯ ᠤᠨ ᠠᠪᠤᠷᠠᠨ ᠲᠤᠰᠠᠯᠠᠬᠤ ᠲᠡᠰ ᠳᠠᠷᠠᠭᠠᠯᠠᠯ ᠪᠠ ᠱᠠᠭᠠᠷᠳᠠᠯᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠪᠠ᠃ ᠳᠥᠷᠪᠡ ᠳᠤ᠂ ︽ᠪᠡᠯᠡᠳᠬᠡᠯ ᠲᠥᠰᠥᠯ︾ ᠳᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠦᠷ᠎ᠡ ᠳ᠋ᠦᠩ ᠢ ᠵᠠᠷᠯᠠᠨ ᠮᠡᠳᠡᠭᠳᠡᠬᠦ ᠶᠢ ᠴᠢᠬᠤᠯᠠᠴᠢᠯᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠣᠳᠣᠷᠬᠠᠶᠢᠯᠠᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠵᠤ᠂ ᠪᠠᠶᠢᠳᠠᠯ ᠢ ᠦᠵᠡᠵᠦ ᠪᠠᠶᠢᠭᠠᠳ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠡᠯᠡᠵᠦ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠨᠠᠭᠰᠢᠳᠠ ᠤᠯᠠᠮ ᠨᠠᠷᠢᠯᠢᠭᠵᠢᠭᠤᠯᠪᠠ᠃ ᠵᠢᠱᠢᠶᠡᠯᠡᠪᠡᠯ ᠪᠡᠯᠡ ᠮᠦᠩᠭᠦᠨ ᠤ ᠪᠠᠲᠤᠯᠠᠭ᠎ᠠ ᠶᠢᠨ ᠲᠠᠯ᠎ᠠ ᠪᠠᠷ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ ᠲᠣᠭᠲᠠᠴᠠ ᠪᠠ ᠤᠷᠢᠳᠴᠢᠯᠠᠨ ᠰᠠᠯᠭᠠᠨ ᠥᠭᠴᠦ ᠢᠯᠭᠠᠷᠠᠭᠤᠯᠤᠨ ᠪᠣᠳᠣᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠳᠤᠷᠠᠳᠴᠠᠢ︔ ᠡᠳ᠋ ᠪᠣᠳᠠᠰ ᠤᠨ ᠪᠠᠲᠤᠯᠠᠭ᠎ᠠ ᠶᠢᠨ ᠲᠠᠯ᠎ᠠ ᠪᠠᠷ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠪᠠ ᠦᠢᠯᠡᠳᠪᠦᠷᠢᠯᠡᠬᠦ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ ᠨᠥᠭᠦᠴᠡᠯ ᠪᠠ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠤᠰ ᠵᠠᠰᠠᠭ ᠵᠠᠬᠢᠷᠭᠠᠨ ᠤ ᠣᠷᠣᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠪᠠ ᠪᠠᠲᠤᠯᠠᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠪᠠ ᠲᠡᠭᠡᠭᠡᠪᠦᠷᠢᠯᠡᠬᠦ ᠳᠦᠷᠢᠮ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ ᠲᠥᠪᠯᠡᠷᠡᠭᠦᠯᠦᠨ ᠦᠢᠯᠡᠳᠪᠦᠷᠢᠯᠡᠵᠦ ᠲᠣᠬᠢᠷᠠᠭᠤᠯᠬᠤ ᠪᠠ ᠪᠠᠴᠢᠮ ᠬᠤᠳᠠᠯᠳᠤᠨ ᠠᠪᠴᠤ ᠬᠠᠩᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠴᠢᠬᠤᠯᠠᠴᠢᠯᠠᠪᠠ︔ ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ ᠶᠢᠨ ᠲᠠᠯ᠎ᠠ ᠪᠠᠷ᠂ ᠴᠢᠮᠡᠭᠡ ᠬᠤᠯᠪᠣᠭ᠎ᠠ ᠰᠦᠯᠵᠢᠶᠡᠨ ᠤ ᠭᠠᠮᠰᠢᠭ ᠲᠤ ᠲᠡᠰᠪᠦᠷᠢᠲᠡᠢ ᠴᠢᠨᠠᠷ ᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠬᠤ ᠶᠢ ᠴᠢᠩᠭᠠᠳᠬᠠᠨ᠂ ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢ ᠲᠦᠷᠭᠡᠨ ᠨᠡᠪᠲᠡᠷᠡᠭᠦᠯᠬᠦ᠂ ᠨᠡᠪᠲᠡᠷᠡᠭᠦᠯᠬᠦ ᠶᠢ ᠪᠠᠲᠤᠯᠠᠬᠤ᠂ ᠰᠠᠭᠠᠳ ᠦᠭᠡᠢ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠳᠤᠷᠠᠳᠴᠠᠢ︔ ᠲᠣᠨᠤᠭ ᠲᠥᠬᠦᠭᠡᠷᠦᠮᠵᠢ ᠪᠠ ᠪᠡᠯᠡᠳᠬᠡᠮᠵᠢ ᠶᠢᠨ ᠪᠠᠲᠤᠯᠠᠭ᠎ᠠ ᠶᠢᠨ ᠲᠠᠯ᠎ᠠ ᠪᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠨᠳᠦᠰᠦᠨ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠠᠵᠢᠯ ᠢ ᠴᠢᠩᠭᠠᠳᠬᠠᠬᠤ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ᠃      ︽ᠪᠡᠯᠡᠳᠬᠡᠯ ᠲᠥᠰᠥᠯ︾ ᠢ ᠬᠡᠷᠡᠭᠵᠢᠭᠦᠯᠬᠦ ᠶᠠᠪᠤᠴᠠ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠳᠠᠲᠤ ᠪᠠᠶᠢᠳᠠᠯ ᠢᠶᠠᠨ ᠦᠨᠳᠦᠰᠦᠯᠡᠨ ︽ᠪᠡᠯᠡᠳᠬᠡᠯ ᠲᠥᠰᠥᠯ︾ ᠤᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠭᠠᠷ ᠤᠨ ᠠᠪᠤᠯᠭ᠎ᠠ᠂ ᠠᠵᠢᠯᠯᠠᠭᠠᠨ ᠤ ᠲᠥᠰᠥᠯ ᠵᠡᠷᠭᠡ ᠶᠢ ᠲᠣᠭᠲᠠᠭᠠᠨ ᠨᠠᠶᠢᠳᠠᠪᠤᠷᠢᠵᠢᠭᠤᠯᠵᠤ ᠪᠣᠯᠣᠨ᠎ᠠ᠂ ᠲᠡᠷᠡᠴᠢᠯᠡᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ︽ᠪᠡᠯᠡᠳᠬᠡᠯ ᠲᠥᠰᠥᠯ︾ ᠢ ᠦᠨᠳᠦᠰᠦᠯᠡᠨ ᠲᠤᠰ ᠱᠠᠲᠤᠨ ᠤ ᠪᠠᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠢ ᠡᠯ᠎ᠡ ᠱᠠᠲᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠵᠢᠯᠣᠭᠤᠳᠤᠨ ᠪᠠᠶᠢᠴᠠᠭᠠᠬᠤ ᠪᠠᠨ ᠴᠢᠩᠭᠠᠳᠬᠠᠵᠤ᠂ ᠪᠡᠯᠡᠳᠬᠡᠯ ᠲᠥᠰᠥᠯ ᠢ ᠬᠥᠳᠡᠯᠦᠩᠭᠦᠢ ᠪᠠᠷ ᠲᠡᠭᠦᠯᠳᠡᠷᠵᠢᠭᠦᠯᠬᠦ ᠶᠢ ᠰᠢᠮᠳᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠭᠰᠠᠨ᠂ ᠡᠮᠬᠢ ᠵᠢᠷᠤᠮ ᠲᠠᠢ ᠵᠣᠯᠭᠠᠭᠤᠯᠤᠭᠰᠠᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠬᠤ ᠪᠠᠨ ᠠᠬᠢᠭᠤᠯᠵᠤ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号