ᠮᠠᠨ ᠤ ᠠᠶᠢᠮᠠᠭ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ  ᠶᠢ ᠲᠠᠰ ᠬᠤᠪᠢᠶᠠᠨ ᠬᠠᠮᠢᠶᠠᠷᠬᠤ ᠨᠤᠷᠮ᠎ᠠ 100% ᠳᠤ ᠬᠦᠷᠪᠡ
ᠨᠡᠶᠢᠲᠡᠯᠡᠭᠰᠡᠨ ᠴᠠᠭ᠄
2024/7/5
     ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠣᠶᠢᠷ᠎ᠠ ᠶᠢᠨ ᠬᠤᠭᠤᠴᠠᠭᠠᠨ ᠳᠤ᠂ ᠪᠥᠬᠦ ᠠᠶᠢᠮᠠᠭ ᠤᠨ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ 2024 ᠣᠨ ᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠲᠠᠰ ᠢ ᠦᠨᠡᠯᠡᠨ ᠲᠣᠭᠲᠠᠭᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠶᠢ ᠲᠣᠭᠲᠠᠭᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠪᠥᠬᠦ ᠠᠶᠢᠮᠠᠭ ᠤᠨ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃      ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠭᠰᠢᠭᠦᠷᠢ ᠶᠢ ᠵᠠᠳᠠᠯᠬᠤ᠂ ᠦᠨᠡᠯᠡᠯᠲᠠ ᠬᠢᠬᠦ᠂ ᠬᠥᠳᠡᠯᠦᠩᠭᠦᠢ ᠬᠠᠮᠢᠶᠠᠷᠬᠤ᠂ ᠪᠤᠰᠤᠳᠴᠢ ᠲᠥᠪ ᠭᠤᠣᠯᠴᠢ ᠪᠠᠶᠢᠬᠤ ᠵᠠᠷᠴᠢᠮ ᠶᠣᠰᠣᠭᠠᠷ᠂ ᠠᠵᠤ ᠠᠬᠤᠶᠢᠯᠠᠯ ᠤᠨ ᠦᠢᠯᠡᠳᠪᠦᠷᠢᠯᠡᠵᠦ ᠡᠳ᠋ᠰᠢᠭᠦᠯᠦᠭᠰᠡᠨ ᠢᠳᠡᠭᠡᠨ ᠤ ᠲᠥᠷᠥᠯ ᠵᠦᠢᠯ᠂ ᠡᠵᠡᠩᠨᠡᠯᠲᠡ ᠶᠢᠨ ᠬᠡᠪᠴᠢᠶ᠎ᠡ᠂ ᠬᠡᠷᠡᠭᠯᠡᠭᠴᠢ ᠵᠡᠷᠭᠡ ᠲᠣᠭᠲᠠᠩᠭᠤᠢ ᠪᠠᠶᠢᠳᠠᠯ ᠤᠨ ᠲᠦᠭᠰᠢᠭᠦᠷᠢ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠦᠢᠯᠡᠳᠪᠦᠷᠢᠯᠡᠵᠦ ᠡᠳ᠋ᠰᠢᠭᠦᠯᠬᠦ ᠨᠥᠬᠦᠴᠡᠯ ᠢ ᠪᠠᠲᠤᠯᠠᠬᠤ᠂ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠵᠢᠴᠢ ᠬᠡᠷᠡᠭᠵᠢᠬᠦᠯᠬᠦ ᠵᠡᠷᠭᠡ ᠬᠥᠳᠡᠯᠦᠩᠭᠦᠢ ᠪᠠᠶᠢᠳᠠᠯ ᠤᠨ ᠲᠦᠭᠰᠢᠭᠦᠷᠢ ᠶᠢᠨ ᠬᠦᠴᠦᠨ ᠵᠦᠢᠯ ᠲᠠᠢ ᠤᠶᠠᠯᠳᠤᠭᠤᠯᠤᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠬᠤᠪᠢ ᠥᠭᠬᠦ ᠪᠠᠷ ᠳᠠᠮᠵᠢᠭᠤᠯᠤᠨ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠲᠦᠭᠰᠢᠭᠦᠷᠢ ᠶᠢᠨ ᠲᠠᠰ ᠢ ᠲᠣᠭᠲᠠᠭᠠᠬᠤ ᠶᠢᠨ ᠬᠠᠮᠲᠤ ᠢᠳᠡᠭᠡᠨ ᠦᠢᠯᠡᠳᠪᠦᠷᠢᠯᠡᠭᠴᠢ ᠳᠤ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠬᠡᠷᠡᠭ ᠢ ᠪᠠᠶᠢᠴᠠᠭᠠᠨ ᠰᠶᠢᠳᠪᠦᠷᠢᠯᠡᠬᠦ᠂ ᠪᠦᠲᠦᠭᠡᠭᠳᠡᠬᠦᠨ ᠢ ᠡᠭᠡᠭᠦᠯᠦᠨ ᠠᠪᠴᠢᠷᠠᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠲᠡᠮᠳᠡᠭᠯᠡᠯ ᠲᠠᠢ ᠤᠶᠠᠯᠳᠤᠭᠤᠯᠤᠨ ᠬᠥᠳᠡᠯᠦᠩᠭᠦᠢ ᠲᠣᠬᠢᠷᠠᠭᠤᠯᠤᠯᠲᠠ ᠬᠢᠵᠠᠢ᠃      ᠡᠨᠡ ᠵᠢᠯ᠂ ᠪᠥᠬᠦ ᠠᠶᠢᠮᠠᠭ ᠤᠨ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠲᠠᠰ ᠢ ᠦᠨᠳᠦᠰᠦᠯᠡᠨ᠂ ᠬᠠᠷᠢᠶ᠎ᠠ ᠣᠷᠣᠨ ᠤ ᠪᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠪᠠᠨ ᠲᠣᠭᠲᠠᠭᠠᠪᠠ᠃ ᠲᠦᠭᠰᠢᠭᠦᠷᠢ ᠶᠢᠨ ᠲᠠᠰ ᠢ ᠳᠣᠣᠷ᠎ᠠ ᠠᠴᠠ ᠥᠨᠳᠥᠷ ᠪᠣᠯᠲᠠᠯ᠎ᠠ A᠂ B᠂ C᠂ D ᠳᠥᠷᠪᠡᠨ ᠲᠠᠰ ᠬᠤᠪᠢᠶᠠᠵᠤ᠂ ᠬᠠᠷᠠᠭᠠᠯᠵᠠᠬᠰᠠᠨ ᠲᠦᠭᠰᠢᠭᠦᠷᠢ ᠶᠢᠨ ᠲᠡᠰ ᠲᠠᠢ ᠤᠶᠠᠯᠳᠤᠭᠤᠯᠤᠨ ᠵᠢᠯ ᠪᠦᠷᠢ ᠶᠢᠨ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠶᠢ ᠲᠣᠰ ᠲᠣᠰ 1 ᠤᠳᠠᠭ᠎ᠠ᠂ 1 — 2 ᠤᠳᠠᠭ᠎ᠠ᠂ 2 — 3 ᠤᠳᠠᠭ᠎ᠠ᠂ 3 — 4 ᠤᠳᠠᠭ᠎ᠠ ᠭᠡᠵᠦ ᠲᠣᠭᠲᠠᠭᠠᠬᠤ ᠶᠢᠨ ᠬᠠᠮᠲᠤ ᠣᠨ ᠤ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ ᠳᠤ ᠣᠷᠣᠭᠤᠯᠪᠠ᠃ ᠪᠠᠶᠢᠴᠠᠭᠠᠬᠤ ᠡᠲᠡᠭᠡᠳ᠂ ᠤᠳᠠᠭ᠎ᠠ᠂ ᠴᠠᠭ ᠬᠤᠭᠤᠴᠠᠭ᠎ᠠ ᠭᠤᠣᠯᠳᠠᠯᠭ᠎ᠠ ᠲᠠᠢ ᠲᠥᠷᠥᠯ ᠵᠦᠢᠯ ᠵᠢᠴᠢ ᠠᠵᠢᠯᠲᠠᠨ ᠤ ᠲᠣᠬᠢᠷᠠᠭᠤᠯᠤᠯᠲᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠪᠠᠷ ᠳᠡᠮᠵᠢᠨ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠣᠨᠣᠪᠴᠢᠲᠤ ᠴᠢᠨᠠᠷ᠂ ᠲᠥᠪ ᠭᠤᠥᠯᠴᠢ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠤᠨ᠂ ᠬᠢᠨᠠᠯᠲᠠ ᠲᠠᠯᠪᠢᠵᠤ ᠪᠠᠶᠢᠴᠠᠭᠠᠬᠰᠠᠨ ᠲᠡᠮᠳᠡᠭᠯᠡᠯ᠂ ᠴᠡᠭᠴᠡᠯᠡᠨ ᠰᠠᠶᠢᠵᠢᠷᠠᠭᠤᠯᠤᠬᠰᠠᠨ ᠮᠡᠳᠡᠭᠦᠯᠦᠯᠲᠡ ᠶᠢ ᠪᠦᠷᠢᠯᠳᠦᠭᠦᠯᠵᠦ᠂ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠢᠯᠡ ᠨᠡᠶᠢᠲᠡᠯᠡᠬᠦ ᠶᠢ ᠪᠡᠶᠡᠯᠡᠭᠦᠯᠪᠡ᠃ ᠤᠳᠤᠬᠠᠨ ᠪᠣᠯᠲᠠᠯ᠎ᠠ᠂ ᠪᠥᠬᠦ ᠠᠶᠢᠮᠠᠭ ᠤᠨ ᠬᠢᠨ A ᠲᠠᠰ ᠤᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ 74᠂ B ᠲᠠᠰ ᠤᠨ 64᠂ C ᠲᠠᠰ ᠤᠨ 51᠂ D ᠲᠠᠰ ᠤᠨ 45 ᠶᠢ ᠦᠨᠡᠯᠡᠨ ᠲᠣᠭᠲᠠᠭᠠᠵᠤ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠲᠠᠰ ᠢ ᠦᠨᠡᠯᠡᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠤᠨ᠂ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠬᠤ ᠨᠣᠷᠮ᠎ᠠ ᠶᠢ 100% ᠳᠤ ᠬᠦᠷᠭᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号