ᠰᠢᠯᠢ ᠶᠢᠨ ᠭᠤᠣᠯ ᠠᠶᠢᠮᠠᠭ — ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠬᠢᠮᠡᠯ ᠤᠶᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠬᠦ ᠬᠤᠷᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 7 ᠤ ᠡᠳᠦᠷ᠂ ᠰᠢᠯᠢ ᠶᠢᠨ ᠭᠤᠣᠯ ᠠᠶᠢᠮᠠᠭ — ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠬᠢᠮᠠᠯ ᠣᠶᠤᠨ ᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠬᠦ ᠬᠤᠷᠠᠯ ᠰᠢᠯᠢ ᠶᠢᠨ ᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠳᠤ ᠣᠷᠣᠯᠴᠠᠬᠰᠠᠨ ᠪᠦᠭᠡᠳ ᠦᠭᠡ ᠬᠡᠯᠡᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠵᠠᠬᠢᠷᠤᠯ ᠸᠠᠩ ᠶᠦᠨ ᠫᠧᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠸᠠᠩ ᠭᠦᠸᠧ ᠴᠢᠩ᠂ ᠵᠦ ᠺᠦᠨ᠂ ᠸᠠᠩ ᠱᠦ ᠰᠢᠨ᠂ ᠶᠠᠩ ᠱᠦ ᠰᠢᠩ᠂ ᠽᠧᠦ ᠷᠦ ᠫᠢᠩ᠂  ᠹᠦ᠋  ᠮᠧᠩ ᠶᠢᠨ ᠪᠣᠯᠣᠨ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠬᠤᠯᠪᠤᠬᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠣᠷᠣᠯᠴᠠᠵᠠᠢ᠃      ᠨᠡᠶᠢᠲᠡᠯᠡᠬᠦ ᠬᠤᠷᠠᠯ ᠳᠡᠭᠡᠷ᠎ᠡ᠂ ᠥᠪᠥᠷ ᠮᠣᠩᠭᠤᠯ ᠤᠨ ᠳ᠋ᠠ ᠳᠠᠩ ᠣᠯᠠᠨ ᠤᠯᠤᠰ ᠤᠨ ᠰᠢᠯᠢ ᠶᠢᠨ ᠬᠤᠲᠠ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠯᠢ ᠶᠢᠨ ᠭᠤᠣᠯ ᠠᠶᠢᠮᠠᠭ ᠤᠨ ᠶᠦᠨ ᠱᠧᠩ  ᠳ᠋ᠠ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠲᠣᠰ ᠲᠣᠰ ᠠᠵᠤ ᠦᠢᠯᠡᠳᠪᠦᠷᠢ ᠶᠢᠨ ᠬᠥᠮᠥᠨ ᠦᠭᠡᠢ ᠡᠭᠴᠡ ᠨᠢᠰᠬᠡᠯ ᠤᠨ ᠮᠡᠷᠭᠡᠵᠢᠯ ᠤᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ︽ᠬᠥᠮᠥᠨ ᠦᠭᠡᠢ ᠮᠠᠰᠢᠨ ᠢᠶᠠᠷ ᠡᠪᠡᠰᠦ ᠬᠠᠳᠤᠬᠤ ᠪᠠ ᠨᠡᠷᠡᠨ ᠤ ᠡᠨᠧᠷᠭᠢ ᠶᠢᠨ ᠬᠡᠷᠡᠯᠴᠢ ᠴᠡᠨᠡᠭ ᠤᠨ ᠬᠠᠪᠲᠠᠰᠤ ᠶᠢ ᠴᠡᠪᠡᠷᠯᠡᠬᠦ ᠮᠡᠷᠭᠡᠵᠢᠯ︾ ᠤᠨ ᠬᠠᠮᠲᠤᠷᠠᠯᠴᠠᠭ᠎ᠠ᠂ ︽ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠭᠴᠢ — ᠠᠭᠠᠷ ᠰᠠᠨᠰᠠᠷ ᠤᠨ ᠣᠶᠤᠨᠴᠢ ᠰᠡᠷᠡᠯ ᠤᠨ ᠲᠣᠮᠣ ᠵᠠᠭᠪᠤᠷ ᠲᠤ ᠰᠠᠭᠤᠷᠢᠯᠠᠭᠰᠠᠨ ᠬᠢᠨᠠᠨ ᠬᠡᠮᠵᠢᠵᠦ ᠰᠡᠷᠭᠡᠶᠢᠯᠡᠨ ᠬᠠᠮᠠᠭᠠᠯᠠᠬᠤ ᠲᠤᠰᠬᠠᠢ ᠮᠡᠷᠭᠡᠵᠢᠯᠲᠡᠨ︾  ᠤ ᠬᠠᠮᠲᠤᠷᠠᠯᠴᠠᠭ᠎ᠠ ᠶᠢᠨ ᠲᠤᠬᠠᠢ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠲᠠᠢ ᠵᠥᠪᠳᠡᠯᠴᠡᠭᠡᠷ ᠲᠣᠭᠲᠠᠪᠠ᠃ ᠳᠠᠷᠠᠭ᠎ᠠ ᠨᠢ᠂ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ 6 ᠲᠤᠰᠬᠠᠢ ᠮᠡᠷᠭᠡᠵᠢᠯᠲᠡᠨ  ᠫᠷᠤᠹᠧᠰᠰᠤᠷ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠪᠡ᠃      ᠣᠳᠣᠬᠠᠨ ᠳᠤ ᠰᠢᠯᠢ ᠶᠢᠨ ᠭᠤᠣᠯ ᠠᠶᠢᠮᠠᠭ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠪᠠᠷ ᠭᠤᠣᠯ ᠰᠢᠵᠢᠮ ᠪᠣᠯᠭᠠᠠ᠂ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠨᠢᠬᠲᠠᠷᠠᠭᠤᠯᠵᠦ ᠪᠠᠶᠢᠭᠠᠳ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢᠶᠠᠷ ᠭᠤᠣᠯ ᠭᠠᠷᠳᠠᠴᠠ ᠪᠣᠯᠭᠠᠵᠤ᠂ ︽ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ ᠭᠠᠳᠠᠬᠰᠢ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠲᠦᠯᠬᠢᠴᠡ ᠦᠢᠯᠡᠳᠦᠯ ᠢ ᠲᠠᠰᠤᠷᠠᠯᠲᠠ ᠦᠭᠡᠢ ᠴᠢᠩᠭᠠᠷᠠᠭᠤᠯᠤᠨ᠂ ᠪᠥᠬᠦ ᠠᠶᠢᠮᠠᠭ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ ᠪᠤᠢ᠃ᠲᠤᠰ ᠤᠳᠠᠭᠠᠨ ᠤ ᠨᠡᠶᠢᠲᠡᠯᠡᠬᠦ ᠬᠤᠷᠠᠯ ᠨᠢ ᠰᠢᠯᠢ ᠶᠢᠨ ᠭᠤᠣᠯ ᠠᠶᠢᠮᠠᠭ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠷᠡᠲᠦ ᠶᠡᠭᠡ ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠣᠯᠢᠯᠴᠠᠭ᠎ᠠ ᠬᠠᠮᠲᠤᠷᠠᠯᠴᠠᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠡᠷᠡᠭᠯᠡᠭᠴᠢ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠪᠠ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠴᠢᠨᠠᠭᠰᠢᠳᠠ ᠠᠬᠢᠭᠤᠯᠤᠨ᠂ ᠰᠢᠯᠢ ᠶᠢᠨ ᠭᠤᠣᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠨᠡᠩ ᠰᠠᠶᠢᠨ ᠬᠦᠴᠦᠨ ᠨᠡᠮᠡᠷᠢᠯᠡᠪᠡ᠃ ᠳᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠷᠡᠳᠦ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠤᠨ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠢᠶᠠᠷ ᠰᠢᠯᠢ ᠶᠢᠨ ᠭᠤᠣᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠭᠰᠡᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠡᠭᠦᠳᠬᠦ ᠪᠣᠯᠣᠨ᠎ᠠ᠃      ᠠᠺᠠᠳᠧᠮᠢᠴᠢ ᠲᠤᠰᠬᠠᠢ ᠮᠡᠷᠭᠡᠵᠢᠯᠲᠡᠨ ᠪᠠᠰᠠ ᠤᠯᠤᠰ ᠤᠨ ᠡᠨᠧᠷᠭᠢ ᠶᠢᠨ ᠤᠮᠠᠷᠠᠲᠤ ᠶᠢᠨ ᠴᠠᠬᠢᠯᠭᠠᠨ ᠤ ᠢᠯᠠᠯᠳᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠢᠯᠠᠯᠳᠡ ᠨᠢᠭᠡᠳᠦᠭᠡᠷ ᠵᠠᠳᠠᠭᠠᠢ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠵᠦ ︽ᠵᠠᠮ ᠲᠡᠷᠭᠡᠨ ᠤ ᠣᠶᠤᠨᠴᠢ ᠠᠭᠤᠰᠤᠯᠴᠠᠯ ᠢ ᠡᠵᠡᠮᠳᠡᠬᠦ ᠪᠠ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠮᠡᠷᠭᠡᠵᠢᠯ ᠵᠢᠴᠢ ᠬᠡᠷᠡᠭᠯᠡᠭᠡ︾ ᠶᠢᠨ ᠲᠦᠷᠦᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠵᠠᠢ᠃                                                     ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号