ᠬᠥᠪᠡᠭᠡᠲᠦ ᠰᠢᠷ᠎ᠠ ᠬᠤᠰᠢᠭᠤ ᠴᠢᠬᠢ ᠮᠣᠳᠣ ᠪᠤᠶᠢᠵᠢᠭᠤᠯᠵᠥ ᠡᠯᠡᠰᠦ ᠶᠢ ᠵᠠᠰᠠᠬᠤ ᠠᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/13
     ᠬᠥᠪᠡᠭᠡᠲᠦ ᠰᠢᠷ᠎ᠠ ᠬᠤᠰᠢᠭᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠢᠬᠢ ᠮᠤᠳᠤ ᠪᠤᠶᠢᠵᠢᠭᠤᠯᠬᠤ ᠪᠠ ᠨᠤᠲᠤᠭ ᠤᠨ ᠰᠢᠯᠢᠳᠡᠭ ᠮᠣᠳᠣᠨ ᠤ ᠲᠥᠷᠥᠯ ᠢ ᠪᠤᠶᠢᠵᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠮᠣᠳᠣ ᠲᠠᠷᠢᠵᠦ ᠨᠣᠭᠤᠭᠠᠷᠠᠭᠤᠯᠬᠤ ᠡᠬᠢ ᠰᠤᠷᠪᠤᠯᠵᠢ ᠶᠢ ᠴᠢᠩᠭᠠᠳᠬᠠᠵᠤ᠂ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢ ᠴᠤᠭᠴᠠᠯᠠᠨ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠤᠨ ᠵᠠᠰᠠᠯᠳᠠ ᠶᠢ ᠠᠬᠢᠭᠤᠯᠵᠤ ᠪᠤᠢ᠃ ᠤᠷᠴᠢᠮᠬᠠᠨ᠂ ᠲᠤᠰ ᠬᠤᠰᠢᠭᠤᠨ ᠤ ᠴᠢᠬᠢ ᠮᠤᠳᠤ ᠪᠤᠶᠢᠵᠢᠭᠤᠯᠬᠤ ᠰᠠᠭᠤᠷᠢᠨ ᠭᠠᠵᠠᠷ ᠲᠤ ᠠᠵᠢᠯᠲᠠᠳ ᠴᠢᠬᠢ ᠮᠤᠳᠦ ᠪᠤᠶᠢᠵᠢᠭᠤᠯᠬᠤ ᠮᠡᠷᠭᠡᠵᠢᠯ ᠤᠨ ᠵᠢᠷᠦᠮᠵᠢᠯ ᠶᠤᠰᠤᠭᠠᠷ ᠬᠠᠶᠢᠯᠠᠰᠤᠨ ᠤ ᠴᠢᠬᠢ ᠮᠤᠳᠦ ᠶᠢ ᠰᠠᠭᠤᠯᠭᠠᠬᠤ ᠢᠢᠨ ᠲᠠᠭᠠᠤ ᠰᠦᠷᠴᠢᠨ ᠤᠰᠤᠯᠠᠨ᠎ᠠ᠃ ᠡᠨᠡ ᠤᠳᠠᠭ᠎ᠠ ᠨᠡᠶᠢᠲᠡ 17 ᠮᠥ ᠬᠠᠶᠢᠯᠠᠰᠦᠨ ᠤ ᠴᠢᠬᠢ ᠮᠤᠳᠦ ᠰᠠᠭᠤᠯᠭᠠᠬᠤ ᠪᠠᠷ ᠲᠥᠯᠥᠪᠯᠡᠵᠦ᠂ 2 — 3 ᠵᠢᠯ ᠪᠤᠶᠢᠵᠢᠭᠤᠯᠤᠭᠰᠠᠨ ᠤ ᠳᠠᠷᠠᠭ᠎ᠠ ᠬᠠᠷᠢᠶ᠎ᠠ ᠣᠷᠣᠨ ᠤ ︽ᠤᠮᠠᠷᠠᠳᠦ ᠶᠢᠨ ᠭᠤᠷᠪᠠᠨ ᠤᠷᠤᠨ︾ ᠎ ᠤ ᠢᠨᠵᠧᠨᠧᠷᠢᠩ ᠵᠢᠴᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠳᠤ ᠴᠢᠨᠠᠷ ᠰᠠᠶᠢᠲᠠᠶ ᠴᠢᠬᠢ ᠮᠣᠳᠣ ᠬᠠᠩᠭᠠᠬᠤ ᠪᠤᠯᠤᠨ᠎ᠠ᠃ ᠲᠤᠰ ᠬᠤᠰᠢᠭᠤ ᠣᠶ ᠰᠢᠭᠤᠢ ᠨᠤᠳᠤᠭ ᠪᠡᠯᠴᠢᠭᠡᠷ ᠤᠨ ᠡᠪᠡᠰᠦ ᠮᠤᠳᠤᠨ ᠤ ᠦᠷ᠎ᠡ ᠨᠠᠬᠢᠶ᠎ᠠ ᠪᠠ ᠴᠢᠬᠢ ᠮᠤᠳᠦ ᠪᠤᠶᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠨᠤᠲᠤᠭ ᠤᠨ ᠰᠢᠯᠢᠳᠡᠭ ᠮᠣᠳᠣᠨ ᠤ ᠦᠷ᠎ᠡ ᠪᠤᠶᠢᠵᠢᠭᠤᠯᠬᠤ ᠰᠠᠭᠤᠷᠢᠨ ᠭᠠᠵᠠᠷ︾᠂ ︽ᠰᠢᠯᠢᠳᠡᠭ ᠡᠭᠦᠯᠳᠡᠷ ᠤᠨ ᠴᠢᠬᠢ ᠮᠣᠳᠣ ᠪᠤᠶᠢᠵᠢᠭᠤᠯᠬᠤ ᠰᠠᠭᠤᠷᠢᠨ ᠭᠠᠵᠠᠷ︾᠂ ᠰᠢᠯᠢ ᠶᠢᠨ ᠭᠤᠤᠯ ᠬᠡᠯᠪᠡᠷᠢ ᠶᠢᠨ ᠮᠤᠷᠢᠨ ᠲᠡᠰᠭᠢ᠂ ᠲᠡᠵᠢᠭᠡᠯ ᠡᠪᠡᠰᠦᠨ ᠤ ᠦᠷ᠎ᠡ ᠨᠠᠬᠢᠶ᠎ᠠ ᠶᠢᠨ ᠡᠬᠢ ᠪᠠᠶᠠᠯᠢᠭ ᠢ ᠦᠨᠡᠯᠡᠬᠦ ᠪᠠ ᠠᠰᠢᠭᠯᠠᠬᠤ ᠵᠡᠷᠭᠡ ᠣᠶ ᠰᠢᠭᠤᠢ ᠡᠪᠡᠰᠦ ᠪᠡᠯᠴᠢᠭᠡᠷ ᠤᠨ ᠠᠮᠢᠳᠤ ᠪᠣᠳᠠᠰ ᠤᠨ ᠣᠯᠠᠨ ᠶᠠᠩᠵᠤᠲᠤ ᠦᠷ᠎ᠡ ᠨᠠᠬᠢᠶ᠎ᠠ ᠪᠤᠶᠢᠵᠢᠭᠤᠯᠬᠤ ᠰᠠᠭᠤᠷᠢᠨ ᠭᠠᠵᠠᠷ ᠪᠠᠶᠢᠭᠤᠯᠵᠤ᠂ ᠨᠢᠲᠤᠨᠤᠨ ᠨᠡᠶᠢᠲᠡ 100 ᠲᠦᠮᠡᠨ ᠰᠢᠷᠭᠡᠭ ᠨᠠᠶᠢᠯᠵᠠᠭᠤᠷ ᠬᠠᠷᠭᠠᠨ᠎ᠠ᠂ 35 ᠲᠦᠮᠡᠨ ᠰᠠᠭᠤᠷᠢ ᠬᠠᠶᠢᠯᠠᠰᠤᠨ ᠮᠣᠳᠣ᠂ 200 ᠲᠦᠮᠡᠨ ᠰᠢᠷᠭᠡᠭ ᠮᠤᠷᠢᠨ ᠲᠡᠰᠭᠢ ᠶᠢᠨ ᠴᠢᠬᠢ ᠮᠣᠳᠣ ᠪᠤᠶᠢᠵᠢᠭᠤᠯᠵᠠᠢ᠃      ᠲᠤᠰ ᠬᠤᠰᠢᠭᠤ ᠴᠢᠬᠢ ᠮᠤᠳᠤ ᠪᠤᠶᠢᠵᠢᠭᠤᠯᠬᠤ ᠶᠢᠨ ᠲᠠᠭᠠᠤ ᠨᠤᠲᠤᠭ ᠤᠨ ᠰᠢᠯᠢᠳᠡᠭ ᠮᠣᠳᠣᠨ ᠤ ᠲᠥᠷᠥᠯ ᠢ ᠪᠤᠶᠢᠵᠢᠭᠤᠯᠬᠤ ᠳᠡᠭᠡᠷ᠎ᠡ ᠬᠦᠴᠦᠯᠡᠵᠦ᠂ ᠤᠳᠤᠬᠠᠨ ᠳᠤ ᠪᠠᠭ᠎ᠠ ᠨᠡᠪᠴᠢᠳᠦ ᠬᠠᠷᠭᠠᠨ᠎ᠠ᠂ ᠠᠷᠴᠠ᠂ ᠮᠤᠩᠭᠤᠯ ᠪᠤᠶᠢᠯᠠᠰᠦ ᠵᠡᠷᠭᠡ 10 ᠭᠠᠷᠤᠢ ᠲᠦᠷᠦᠯ ᠤᠨ ᠨᠤᠲᠤᠭ ᠤᠨ ᠰᠢᠯᠢᠳᠡᠭ ᠮᠣᠳᠣᠨ ᠤ ᠤᠷᠭᠤᠴᠠ ᠶᠡᠭᠡ ᠰᠠᠶᠢᠨ ᠪᠠᠶᠢᠵᠦ᠂ ᠡᠲᠡᠭᠡᠷ ᠨᠢ ᠴᠥᠮ ᠬᠤᠩᠭᠤᠷ ᠠᠭᠤᠯᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠠᠴᠠ ᠲᠡᠭᠦᠵᠦ ᠴᠤᠭᠯᠠᠭᠤᠯᠤᠭᠰᠠᠨ ᠭᠠᠩ ᠳᠤ ᠲᠡᠰᠪᠤᠷᠢᠲᠠᠢ᠂ ᠬᠦᠢᠳᠡᠨ ᠳᠤ ᠲᠠᠭᠠᠭᠠᠴᠠᠲᠠᠢ᠂ ᠵᠤᠬᠢᠴᠠᠬᠤ ᠴᠢᠨᠠᠷ ᠢᠶᠠᠷ ᠴᠢᠩᠭ᠎ᠠ ᠮᠤᠳᠤᠨ ᠤ ᠳᠦᠷᠦᠯ ᠵᠦᠢᠯ ᠪᠠᠶᠢᠵᠦ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠦᠵᠡᠬᠦᠯᠬᠦ ᠪᠤᠯᠤᠨ᠎ᠠ᠃ ᠲᠤᠰ ᠬᠤᠰᠢᠭᠤᠨ ᠤ ᠣᠶ ᠰᠢᠭᠤᠶ ᠪᠠ ᠡᠪᠡᠰᠦ ᠪᠡᠯᠴᠢᠭᠡᠷ ᠤᠨ ᠲᠥᠪ ᠤᠨ ᠮᠡᠷᠭᠡᠵᠢᠯ ᠤᠨ ᠠᠵᠢᠯᠲᠠᠨ ᠸᠠᠩ ᠵᠢᠶᠠᠨ ᠬᠤᠸᠠ᠄ ︽ᠴᠢᠬᠢ ᠮᠤᠳᠦ ᠪᠤᠶᠢᠵᠢᠭᠤᠯᠬᠤ ᠰᠠᠭᠤᠷᠢᠨ ᠪᠠᠶᠢᠭᠤᠯᠤᠭᠳᠠᠭᠰᠠᠨ ᠠᠴᠠ ᠨᠠᠭᠠᠰᠢ᠂ ᠵᠢᠵᠢᠭ ᠨᠠᠪᠴᠢᠲᠤ ᠬᠠᠷᠭᠠᠨ᠎ᠠ᠂ ᠠᠷᠴᠠ ᠵᠡᠷᠭᠡ 10 ᠤᠷᠴᠢᠮ ᠨᠤᠲᠤᠭ ᠤᠨ ᠰᠢᠯᠢᠳᠡᠭ ᠮᠣᠳᠣᠨ ᠤ ᠲᠥᠷᠥᠯ ᠢ ᠪᠤᠶᠢᠵᠢᠭᠤᠯᠵᠤ᠂ ᠪᠦᠬᠦ ᠬᠤᠰᠢᠭᠤᠨ ᠤ ᠤᠷᠭᠤᠮᠠᠯ ᠤᠨ ᠬᠤᠴᠢᠯᠭ᠎ᠠ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠠᠭᠠᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠳᠠ ᠳᠤ ᠴᠢᠬᠢ ᠮᠤᠳᠤ ᠪᠤᠶᠢᠵᠢᠭᠤᠯᠬᠤ ᠵᠢᠴᠢ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠨᠤᠳᠤᠭ ᠤᠰᠤᠨ ᠤ ᠨᠤᠭᠤᠭᠠᠷᠠᠭᠤᠯᠤᠯᠳᠠ ᠶᠢ ᠠᠬᠢᠭᠤᠯᠬᠤ ᠪᠠᠷ ᠴᠢᠷᠮᠠᠶᠢᠵᠦ ᠪᠤᠢ︾ ᠭᠡᠵᠦ ᠲᠠᠨᠢᠯᠴᠠᠭᠤᠯᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号