ᠠᠶᠢᠮᠠᠭ ᠤᠨ ᠵᠠᠬᠢᠷᠭ᠎ᠠ ᠬᠢᠭᠡᠳ ᠵᠦᠡᠭ ᠮᠸᠢ ᠶᠢᠨ ᠥᠪᠥᠷ ᠮᠣᠩᠭᠤᠯ ᠳᠠᠬᠢ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠤᠷᠤ ᠲᠦᠯᠦᠪ ᠤᠨ ᠭᠡᠯᠡᠯᠴᠡᠭᠡᠷ ᠳᠤᠬᠳᠠᠪᠠ
ᠨᠡᠶᠢᠲᠡᠯᠡᠭᠰᠡᠨ ᠴᠠᠭ᠄
2024/8/13
     8 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠰᠢᠯᠢ ᠶᠢᠨ ᠬᠤᠳᠠ ᠳᠤ ᠵᠦᠡᠭ ᠮᠸᠢ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠱᠦ ᠳ᠋ᠦᠩ ᠲᠠᠢ ᠬᠡᠯᠡᠯᠴᠡᠭᠡ ᠬᠢᠪᠡ᠃      ᠯᠥᠸᠧ ᠴᠢᠩ ᠬᠡᠷᠡᠭ ᠮᠡᠳᠡᠭᠴᠢᠳ ᠤᠨ ᠳᠠᠷᠤᠭ᠎ᠠ ᠸᠠᠩ ᠱᠦ ᠳ᠋ᠦᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠭᠡᠶᠢᠯᠡᠭᠦ ᠳᠡᠭᠡᠨ᠂ ᠰᠢᠯᠢ ᠶᠢᠨ ᠭᠤᠣᠯ ᠠᠶᠢᠮᠠᠭ ᠪᠣᠯᠣᠨ ᠵᠦᠡᠭ ᠮᠸᠢ ᠡᠨᠧᠷᠭᠢ ᠶᠢᠨ ᠪᠦᠯᠦᠭᠯᠡᠯ ᠤᠨ ᠬᠠᠮᠲᠤᠷᠠᠯᠴᠠᠭ᠎ᠠ ᠶᠢᠨ ᠰᠠᠭᠤᠷᠢ ᠵᠤᠵᠠᠭᠠᠨ᠂ ᠬᠥᠭᠵᠢᠯᠲᠡ ᠶᠢᠨ ᠣᠷᠣᠨ ᠵᠠᠢ ᠥᠷᠭᠡᠨ ᠶᠤᠮ᠃ ᠣᠶᠢᠷ᠎ᠠ ᠶᠢᠨ ᠵᠢᠯ᠂ ᠠᠵᠤ ᠠᠬᠤᠶᠢᠯᠠᠯ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠤᠷᠢᠳ ᠬᠤᠵᠢᠳ ᠮᠠᠩᠯᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠭᠢ ᠶᠢ ᠬᠢᠨᠠᠨ ᠨᠡᠮᠡᠭᠳᠡᠭᠦᠯᠬᠦ᠂ ᠮᠠᠩᠯᠠᠢ 2 × 66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢ ᠬᠢᠨᠠᠨ ᠵᠥᠪᠰᠢᠶᠡᠷᠡᠬᠦ ᠶᠢᠨ ᠬᠠᠮᠲᠤ ᠪᠠᠷᠢᠯᠭ᠎ᠠ ᠡᠬᠢᠯᠡᠭᠦᠯᠬᠦ ᠶᠢ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠴᠠᠬᠢᠯᠭᠠᠨ ᠬᠦᠴᠦᠨ ᠪᠠ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠵᠦᠡᠭ ᠮᠸᠢ ᠡᠨᠧᠷᠭᠢ ᠶᠢᠨ ᠪᠦᠯᠦᠭᠯᠡᠯ ᠨᠡᠭᠦᠷᠡᠰᠦ᠂ ᠴᠠᠬᠢᠯᠭᠠᠨ ᠬᠦᠴᠦ᠂ ᠰᠢᠨ᠎ᠡ ᠡᠨᠧᠷᠭᠢ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠳᠠᠭᠠᠭᠤᠯᠤᠭᠴᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ︽ᠨᠡᠭᠦᠷᠡᠰᠦ — ᠨᠡᠭᠦᠷᠡᠰᠦ ᠴᠠᠬᠢᠯᠭᠠᠨ — ᠰᠢᠨ᠎ᠡ ᠡᠨᠧᠷᠭᠢ — ᠨᠡᠭᠦᠷᠡᠰᠦ ᠬᠢᠮᠢ ᠶᠢᠨ ᠠᠵᠤ ᠦᠢᠯᠡᠳᠪᠦᠷᠢ︾ ᠶᠢᠨ ᠨᠢᠭᠲᠠ ᠬᠠᠮᠵᠢᠯᠴᠠᠭᠰᠠᠨ ᠠᠵᠤ ᠦᠢᠯᠡᠰ ᠤᠨ ᠰᠦᠷᠦᠭᠵᠢᠯ ᠢ ᠬᠠᠮᠳᠤᠪᠡᠷ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃      ᠬᠡᠷᠡᠭ ᠮᠡᠳᠡᠭᠴᠢᠳ ᠤᠨ ᠳᠠᠷᠤᠭ᠎ᠠ ᠸᠠᠩ ᠱᠦ ᠳ᠋ᠦᠩ ᠢᠯᠡᠷᠬᠡᠶᠢᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠲᠤ ᠣᠨᠴᠠ ᠰᠠᠶᠢᠨ ᠡᠨᠧᠷᠭᠢ ᠶᠢᠨ ᠡᠬᠢ ᠪᠠᠶᠠᠯᠢᠭ᠂ ᠰᠢᠯᠢᠳᠡᠭ ᠰᠠᠶᠢᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠢ ᠪᠠᠶᠢᠵᠤ᠂ ᠬᠥᠭᠵᠢᠯᠲᠡ ᠶᠢᠨ ᠢᠷᠡᠭᠡᠳᠦᠢ ᠲᠦᠢᠯ ᠤᠨ ᠭᠡᠭᠡᠨ ᠰᠠᠷᠠᠭᠤᠯ ᠪᠠᠶᠢᠨ᠎ᠠ᠃ ᠵᠦᠡᠭ ᠮᠸᠢ ᠡᠨᠧᠷᠭᠢ ᠶᠢᠨ ᠪᠦᠯᠦᠭᠯᠡᠯ ᠲᠤᠰ ᠪᠡᠶ᠎ᠡ ᠶᠢᠨ ᠠᠵᠤ ᠦᠢᠯᠡᠰ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠠᠬᠤᠶᠢᠯᠠᠯ ᠪᠠ ᠣᠷᠣᠨ ᠨᠤᠲᠤᠭ ᠤᠨ ᠬᠤᠣᠰ ᠴᠢᠭᠯᠡᠯ ᠤᠨ ᠵᠣᠯᠭᠠᠯᠴᠠᠭ᠎ᠠ ᠶᠢ ᠤᠯᠠᠮ ᠴᠢᠩᠭᠠᠳᠬᠠᠨ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠬᠤᠶᠠᠷ ᠬᠤᠯᠪᠤᠭᠠᠯᠠᠨ ᠡᠵᠡᠩᠨᠡᠯᠳᠡ +︾ ᠪᠣᠳᠠᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠭᠠᠷ ᠬᠤᠯᠪᠣᠨ ᠬᠥᠭᠵᠢᠭᠦ ᠳᠤᠮᠳᠠ ᠬᠠᠮᠲᠤᠪᠠᠷ ᠠᠰᠢᠭ ᠬᠦᠷᠳᠡᠬᠦ ᠶᠢ ᠲᠠᠰᠤᠷᠠᠯᠲᠠ ᠦᠭᠡᠢ ᠪᠡᠶᠡᠯᠡᠭᠦᠯᠦᠨ᠎ᠡ ᠭᠡᠪᠡ᠃      ᠠᠶᠢᠮᠠᠭ ᠤᠨ ᠳᠡᠳ᠋ ᠳᠠᠷᠤᠭ᠎ᠠ ᠶᠠᠩ ᠯᠢ ᠵᠠᠬᠢᠷᠭ᠎ᠠ ᠶᠢ ᠲᠥᠯᠥᠭᠡᠯᠡᠨ ᠵᠦᠡᠭ ᠮᠸᠢ ᠶᠢᠨ ᠥᠪᠥᠷ ᠮᠣᠩᠭᠤᠯ ᠳᠠᠬᠢ ᠺᠣᠮᠫᠠᠨᠢ ᠲᠠᠢ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ᠂ ᠨᠡᠭᠦᠷᠡᠰᠦᠨ ᠤ ᠡᠬᠢ ᠪᠠᠶᠠᠯᠢᠭ ᠢ ᠡᠮᠬᠢ ᠳᠢᠭᠯᠢᠮ ᠲᠠᠢ ᠨᠡᠶᠢᠳᠬᠡᠬᠦ ᠶᠢ ᠬᠠᠮᠲᠤᠪᠠᠷ ᠠᠬᠢᠭᠤᠯᠵᠤ᠂ ᠨᠡᠭᠦᠷᠡᠰᠦᠨ ᠠᠭᠤᠷᠬᠠᠢ ᠶᠢᠨ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠭᠢ ᠶᠢ ᠭᠦᠢᠴᠡᠳ ᠪᠠᠳᠠᠷᠠᠭᠤᠯᠵᠦ᠂ ᠨᠡᠭᠦᠷᠡᠰᠦ᠂ ᠨᠡᠭᠦᠷᠡᠰᠦ ᠴᠠᠬᠢᠯᠭᠠᠨ ᠬᠢᠭᠡᠳ ᠰᠢᠨ᠎ᠡ ᠡᠨᠧᠷᠭᠢ ᠶᠢᠨ ᠬᠠᠮᠵᠢᠯᠴᠠᠨ ᠬᠥᠭᠵᠢᠬᠦ ᠵᠢᠱᠢᠶ᠎ᠡ ᠶᠢ ᠡᠭᠦᠳᠦᠨ᠎ᠠ︔ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠤᠯᠠᠷᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠠᠬᠢᠭᠤᠯᠬᠤ ᠶᠢᠨ ᠬᠠᠮᠲᠤ ᠳᠡᠭᠡᠳᠦ ᠲᠡᠰᠵᠢᠭᠰᠡᠨ᠂ ᠲᠤᠤᠷ᠎ᠠ ᠨᠡᠭᠦᠷᠡᠰᠦᠲᠥ᠋ᠷᠥᠭᠴᠢᠳᠦ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠤᠯᠤᠨ ᠰᠢᠨ᠎ᠡ ᠡᠨᠧᠷᠭᠢ ᠶᠢᠨ ᠬᠠᠷᠢᠯᠴᠠᠨ ᠬᠤᠯᠪᠣᠯᠳᠤᠭᠰᠠᠨ ᠵᠢᠱᠢᠶ᠎ᠡ ᠶᠢ ᠡᠭᠦᠳᠦᠨ ᠪᠠᠶᠢᠭᠤᠯᠤᠨ᠎ᠠ ᠭᠡᠵᠦ ᠲᠤᠷᠠᠳᠪᠠ᠃      ᠬᠤᠯᠪᠣᠭᠳᠠᠯ ᠪᠦᠬᠦᠢ ᠬᠤᠰᠢᠭᠤ ᠰᠢᠶᠠᠨ ᠪᠣᠯᠣᠨ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠡᠯᠡᠯᠴᠡᠭᠡ ᠬᠢᠬᠦ ᠳᠤ ᠣᠷᠣᠯᠴᠠᠪᠠ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号