ᠠᠪᠠᠭ᠎ᠠ ᠬᠤᠰᠢᠭᠤ ᠠᠲᠤᠭᠤᠨ ᠤ ᠠᠵᠤ ᠥᠢᠯᠡᠰ ᠢᠶᠠᠷ ᠮᠠᠯᠴᠢᠳ ᠤᠨ ᠴᠢᠨᠡᠭᠡᠯᠢᠭᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/13
     ᠪᠡᠯᠬᠦᠲᠡᠢ ᠶᠢᠨ ᠮᠡᠲᠡᠭᠡ ᠠᠪᠠᠭ᠎ᠠ ᠬᠠᠷ᠎ᠠ ᠠᠲᠤᠭᠤ ᠪᠤᠯ ᠥᠪᠤᠷ ᠮᠤᠩᠭᠤᠯ ᠤᠨ ᠲᠠᠯ᠎ᠠ ᠨᠤᠲᠤᠭ ᠤᠨ ᠲᠥᠷᠪᠡᠨ ᠶᠡᠭᠡ ᠨᠡᠷᠡᠲᠥ ᠠᠲᠤᠭᠤᠨ ᠤ ᠨᠢᠭᠡ ᠪᠠᠶᠢᠵᠥ᠂ ᠰᠠᠯᠬᠢᠨ ᠮᠡᠲᠥ ᠲᠥᠷᠭᠡᠨ ᠬᠥᠶᠥᠲᠡᠯ ᠵᠢᠴᠢ ᠭᠠᠨᠭ᠍ᠭᠠᠡᠭ ᠲᠥᠷᠬᠦ᠂ ᠲᠡᠰᠪᠤᠷᠢ ᠲᠠᠭᠠᠭᠠᠴᠠ ᠪᠠᠷ ᠢᠶᠠᠨ ᠠᠯᠲᠠᠷᠰᠢᠵᠠᠢ᠃ ᠤᠶᠢᠷ᠎ᠠ ᠶᠢᠨ ᠵᠢᠯ ᠠᠴᠠ ᠨᠠᠭᠠᠰᠢ᠂ ᠠᠪᠠᠭ᠎ᠠ ᠬᠤᠰᠢᠭᠤ ︽ᠨᠠᠮ ᠤᠨ ᠵᠤᠬᠢᠶᠠᠨ ᠪᠠᠶᠢᠭᠤᠯᠤᠯᠲᠠ ᠪᠠᠷ ᠬᠥᠲᠥᠯᠥᠨ ᠵᠢᠯᠤᠭᠤᠳᠬᠤ + ᠮᠠᠯᠴᠢᠳ ᠤᠨ ᠬᠤᠷᠰᠢᠶᠠᠵᠢᠯ ᠢᠶᠠᠷ ᠭᠤᠤᠯᠯᠠᠬᠤ + ᠠᠵᠤ ᠠᠬᠤᠶᠢᠯᠠᠯ ᠬᠠᠮᠵᠢᠯᠴᠠᠬᠤ + ᠮᠠᠯᠴᠢᠳ ᠤᠷᠤᠯᠴᠠᠬᠤ︾ ᠬᠥᠭᠵᠢᠯᠲᠡ ᠶᠢᠨ ᠠᠷᠭ᠎ᠠ ᠬᠡᠯᠪᠡᠷᠢ ᠶᠢ ᠬᠡᠷᠡᠭᠯᠡᠨ ᠠᠵᠤ ᠥᠢᠯᠡᠰ ᠤᠨ ᠬᠡᠯᠬᠢᠶᠡᠰᠥ ᠪᠠᠷ ᠨᠢᠭᠲᠠ ᠵᠤᠯᠭᠠᠭᠤᠯᠬᠤ᠂ ᠰᠤᠲᠤᠯᠤᠨ ᠨᠡᠭᠡᠭᠡᠬᠦ ᠬᠡᠯᠬᠢᠶᠡᠰᠥ ᠪᠠᠷ ᠨᠠᠷᠢᠯᠢᠭ ᠤᠨᠤᠴᠢᠲᠠᠢ ᠱᠤᠭᠤᠬᠤ ᠪᠤᠯᠤᠨ ᠡᠵᠡᠩᠨᠡᠨ ᠪᠤᠷᠤᠯᠠᠭᠤᠯᠬᠤ ᠬᠡᠯᠬᠢᠶᠡᠰᠥ ᠪᠠᠷ ᠤᠷᠲᠤᠳᠬᠠᠬᠤ ᠪᠠᠷ ᠲᠠᠮᠵᠢᠭᠤᠯᠵᠥ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠪᠠᠭᠤᠯᠢᠭ  ᠢ ᠮᠠᠯᠵᠢᠬᠤ ᠤᠷᠤᠨ ᠤ ᠬᠥᠭᠵᠢᠯᠲᠠ ᠶᠢ ᠠᠬᠢᠭᠤᠯᠬᠤ ᠬᠥᠴᠥᠷᠭᠡᠭ ᠶᠡᠭᠡ ᠬᠥᠲᠡᠯᠭᠡᠬᠦ ᠬᠥᠴᠥᠨ ᠪᠤᠯᠭᠠᠵᠥ ᠪᠠᠶᠢᠨ᠎ᠠ᠃      ᠠᠵᠤ ᠥᠢᠯᠡᠰ ᠤᠨ ᠬᠡᠯᠬᠢᠶᠡᠰᠥ ᠪᠠᠷ ᠵᠤᠯᠭᠠᠭᠤᠯᠬᠤ ᠲᠠᠯ᠎ᠠ ᠪᠠᠷ ᠨᠢᠮᠪᠠᠢ ᠵᠤᠬᠢᠶᠠᠨ ᠪᠠᠶᠢᠭᠤᠯᠤᠯᠲᠠ ᠬᠢᠵᠥ᠂ ᠬᠠᠷ᠎ᠠ ᠠᠲᠤᠭᠤᠨ ᠤ ᠠᠵᠤ ᠥᠢᠯᠡᠰ ᠤᠨ ᠬᠥᠲᠡᠯᠭᠡᠬᠦ ᠬᠥᠴᠥᠨ ᠢ ᠬᠥᠭᠵᠢᠭᠡᠵᠥ ᠪᠤᠢ᠃ ︽ᠪᠢ ᠪᠤᠯ ᠨᠢᠭᠡᠨ ᠨᠠᠮ ᠤᠨ ᠬᠡᠰᠢᠬᠦᠨ ᠪᠤᠯᠤᠨ᠎ᠠ᠃ ᠭᠠᠴᠠᠭᠠᠨ ᠤ ᠨᠠᠮ ᠤᠨ ᠡᠬᠦᠷ ᠤᠨ ᠱᠥᠵᠢ ᠠᠴᠠ ᠬᠠᠷ᠎ᠠ ᠠᠲᠤᠭᠤ ᠮᠠᠯᠵᠢᠵᠥ ᠪᠠᠶᠢᠭ᠎ᠠ ᠡᠷᠥᠭᠡ ᠶᠢ ᠲᠠᠭᠠᠭᠤᠯᠤᠨ ᠬᠠᠷ᠎ᠠ ᠠᠲᠤᠭᠤᠨ ᠤ ᠴᠡᠭᠡ ᠶᠢᠨ ᠬᠤᠷᠰᠢᠶᠠᠵᠢᠯ ᠪᠠᠶᠢᠭᠤᠯᠤᠨ ᠠᠵᠤ ᠠᠬᠤᠶᠢᠯᠠᠯ ᠳᠤ ᠰᠢᠯᠢᠲᠡᠭ ᠴᠡᠭᠡ ᠬᠠᠨᠭ᠍ᠭᠠᠬᠤ ᠶᠢᠨ ᠵᠡᠷᠭᠡᠪᠡᠷ ᠮᠠᠨᠤᠰ ᠢ ᠲᠠᠭᠠᠭᠤᠯᠤᠨ ᠴᠢᠨᠡᠭᠡᠯᠢᠭᠵᠢᠯ ᠤᠨ ᠵᠠᠮ ᠢᠶᠠᠷ ᠵᠠᠮᠨᠠᠯ᠎ᠠ︾ ᠭᠡᠵᠥ ᠬᠠᠷ᠎ᠠ ᠠᠲᠤᠭᠤ ᠮᠠᠯᠵᠢᠵᠥ ᠪᠠᠶᠢᠭ᠎ᠠ ᠲᠤᠮᠤ ᠡᠷᠥᠭᠡ ᠬᠥᠭᠵᠢᠯ ᠶᠠᠷᠢᠨ᠎ᠠ᠃ ᠤᠲᠤᠬᠠᠨ ᠲᠤᠰ ᠬᠤᠰᠢᠭᠤᠨ ᠳᠤ ᠨᠡᠶᠢᠲᠡ 857 ᠡᠷᠥᠭᠡ ᠬᠠᠷ᠎ᠠ ᠠᠲᠤᠭᠤ ᠮᠠᠯᠵᠢᠵᠥ᠂ ᠬᠠᠷ᠎ᠠ ᠠᠲᠤᠭᠤᠨ ᠤ ᠶᠡᠷᠥᠩᠭᠡᠢ ᠲᠤᠭ᠎ᠠ 8400 ᠬᠥᠷᠴᠥ᠂ 2023 ᠤᠨ ᠤ ᠬᠠᠷ᠎ᠠ ᠠᠲᠤᠭᠤᠨ ᠤ ᠠᠰᠢᠭ ᠤᠷᠤᠯᠭ᠎ᠠ 7375 ᠲᠥᠮᠡᠨ ᠲᠥᠭᠦᠷᠢᠭ ᠬᠥᠷᠪᠡ᠃ ᠲᠤᠰ ᠬᠤᠰᠢᠭᠤ ᠮᠠᠯᠵᠢᠬᠤ ᠡᠷᠥᠭᠡ᠂ ᠬᠤᠷᠰᠢᠶᠠᠵᠢᠯ᠂ ᠠᠵᠤ ᠠᠬᠤᠶᠢᠯᠠᠯ  ᠢ ᠲᠥᠪᠯᠡᠷᠡᠬᠦᠯᠥᠨ ᠬᠠᠷ᠎ᠠ ᠠᠲᠤᠭᠤᠨ ᠤ ᠠᠵᠤ ᠥᠢᠯᠡᠰ ᠤᠨ ᠡᠯ᠎ᠠ ᠭᠤᠭᠴᠤᠭ᠎ᠠ ᠳᠤ ᠪᠥᠷ ᠨᠠᠮ ᠤᠨ ᠵᠤᠬᠢᠶᠠᠨ ᠪᠠᠶᠢᠭᠤᠯᠤᠯᠲᠠ ᠪᠠᠶᠢᠭᠤᠯᠵᠥ᠂ ︽ᠨᠠᠮ ᠤᠨ ᠡᠬᠦᠷ + ᠬᠤᠷᠰᠢᠶᠠᠵᠢᠯ + ᠠᠵᠤ ᠠᠬᠤᠶᠢᠯᠠᠯ + ᠠᠲᠤᠭᠤ ᠮᠠᠯᠵᠢᠬᠤ ᠡᠷᠥᠭᠡ︾ ᠶᠢᠨ ᠵᠠᠬᠪᠤᠷ ᠢ ᠲᠡᠯᠭᠡᠷᠡᠬᠦᠯᠵᠥ᠂ ᠮᠠᠯᠵᠢᠬᠤ ᠡᠷᠥᠭᠡ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠲᠤ ᠲᠤᠭᠳᠠᠴᠠ ᠶᠢ ᠪᠠᠶᠢᠭᠤᠯᠵᠥ᠂ ᠮᠠᠯᠴᠢᠳ ᠤᠨ ᠤᠷᠤᠯᠭ᠎ᠠ ᠶᠢᠨ ᠨᠡᠮᠡᠭᠲᠡᠯ ᠢ ᠠᠬᠢᠭᠤᠯᠵᠥ ᠪᠤᠢ᠃ 2023 ᠤᠨ ᠳᠤ᠂ ᠪᠥᠬᠦ ᠬᠤᠰᠢᠭᠤ ᠪᠠᠷ ᠢᠶᠠᠨ 100 ᠲᠤᠨ ᠴᠡᠭᠡ ᠢᠰᠭᠡᠵᠥ᠂ ᠠᠲᠤᠭᠤ ᠮᠠᠯᠵᠢᠵᠥ ᠪᠠᠶᠢᠭ᠎ᠠ ᠡᠷᠥᠭᠡ ᠲᠤᠮᠳᠠᠴᠢ ᠪᠠᠷ ᠨᠢᠭᠡ ᠠᠲᠤᠭᠤᠨ ᠠᠴᠠ 7200 ᠲᠥᠭᠦᠷᠢᠭ ᠤᠨ ᠤᠷᠤᠯᠭ᠎ᠠ ᠶᠢᠨ ᠨᠡᠮᠡᠭᠲᠡᠯ ᠢ ᠪᠡᠶᠡᠯᠡᠬᠦᠯᠥᠭᠰᠡᠨ ᠪᠠᠶᠢᠨ᠎ᠠ᠃      ᠰᠤᠲᠤᠯᠤᠨ ᠨᠡᠭᠡᠭᠡᠬᠦ ᠬᠡᠯᠬᠢᠶᠡᠰᠥ ᠲᠡᠭᠡᠷ᠎ᠠ ᠴᠢᠲᠠᠪᠤᠷᠢᠲᠠᠨ ᠤ ᠬᠥᠴᠥᠨ ᠢ ᠲᠥᠪᠯᠡᠷᠡᠬᠦᠯᠵᠥ᠂ ᠬᠠᠷ᠎ᠠ ᠠᠲᠤᠭᠤᠨ ᠤ ᠠᠵᠤ ᠥᠢᠯᠡᠰ ᠲᠤ ᠪᠥᠲᠥᠭᠡᠯᠴᠢ ᠬᠥᠴᠥᠨ ᠢ ᠪᠠᠲᠠᠷᠠᠭᠤᠯᠵᠥ ᠪᠤᠢ᠃ ︽ᠮᠠᠨ ᠤ ᠠᠵᠤ ᠠᠬᠤᠶᠢᠯᠠᠯ ᠨᠢ ᠨᠠᠮ ᠤᠨ ᠪᠠᠶᠢᠭᠤᠯᠤᠯᠲᠠ ᠶᠢᠨ ᠵᠢᠯᠤᠭᠤᠲᠤᠯᠭ᠎ᠠ ᠲᠤᠤᠷ᠎ᠠ ᠮᠡᠷᠭᠡᠵᠢᠯ ᠤᠨ ᠴᠢᠲᠠᠪᠤᠷᠢᠲᠠᠨ ᠢ ᠤᠷᠢᠨ ᠡᠯ᠎ᠠ ᠲᠥᠷᠥᠯ ᠤᠨ ᠴᠡᠭᠡᠨ ᠤ ᠪᠥᠲᠥᠭᠡᠭᠲᠡᠬᠦᠨ ᠰᠤᠲᠤᠯᠤᠨ ᠨᠡᠭᠡᠭᠡᠵᠥ᠂ ᠤᠯᠤᠰ ᠤᠨ ᠲᠤᠲᠤᠭᠠᠲᠤ ᠶᠢᠨ ᠡᠯ᠎ᠠ ᠲᠤᠮᠤ ᠲᠤᠮᠲᠠ ᠬᠤᠲᠠ ᠪᠠᠷ ᠪᠤᠷᠤᠯᠠᠭᠤᠯᠵᠥ᠂ ᠬᠡᠷᠡᠭᠯᠡᠭᠴᠢᠳ ᠤᠨ ᠥᠷᠭᠡᠨ ᠶᠡᠭᠡ ᠥᠨᠡᠯᠡᠯᠲᠡ ᠶᠢ ᠬᠥᠷᠲᠡᠵᠥ᠂ ᠬᠥᠲᠡᠭᠡ ᠲᠤᠰᠬᠤᠨ ᠤ ᠬᠥᠭᠵᠢᠯᠲᠠ ᠪᠤᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠲᠡᠪᠬᠢᠲᠡᠢ ᠬᠤᠪᠢ ᠨᠡᠮᠡᠷᠢ ᠥᠵᠡᠬᠦᠯᠵᠥ ᠪᠠᠶᠢᠨ᠎ᠠ︾ ᠭᠡᠵᠥ ᠲᠤᠰ ᠬᠤᠰᠢᠭᠤᠨ ᠤ ᠵᠤᠤ ᠹᠦ ᠠᠵᠤ ᠠᠬᠤᠢ ᠠᠷᠠᠯᠵᠢᠶᠠᠨ ᠤ ᠬᠢᠵᠠᠭᠠᠷᠲᠤ ᠺᠤᠮᠫᠠᠨᠢ ᠶᠢᠨ ᠨᠠᠮ ᠤᠨ ᠡᠬᠦᠷ ᠤᠨ ᠱᠥᠵᠢ ᠵᠤᠤ ᠵᠢᠶᠠᠨ ᠵᠢᠶᠦ᠋ᠨ ᠶᠠᠷᠢᠨ᠎ᠠ᠃ ᠲᠤᠰ ᠺᠤᠮᠫᠠᠨᠢ ᠶᠢᠨ ᠨᠠᠮ ᠤᠨ ᠡᠬᠦᠷ ᠨᠢ ᠮᠡᠷᠭᠡᠵᠢᠯ ᠤᠨ ᠰᠤᠲᠤᠯᠤᠨ ᠨᠡᠭᠡᠭᠡᠯᠳᠠ ᠲᠡᠭᠡᠷ᠎ᠠ ᠬᠥᠴᠥ ᠲᠠᠯᠪᠢᠨ᠂ ᠨᠠᠮ ᠤᠨ ᠬᠡᠰᠢᠬᠦᠳ ᠵᠢᠱᠢᠶᠡᠴᠢ ᠲᠠᠭᠤᠷᠢᠶᠠᠯ ᠥᠢᠯᠡᠲᠥᠯ ᠢᠶᠠᠨ ᠪᠠᠲᠠᠷᠠᠭᠤᠯᠵᠥ᠂ ᠲᠤᠮᠲᠠᠲᠤ ᠤᠯᠤᠰ ᠤᠨ ᠰᠢᠨᠵᠢᠯᠡᠬᠦ ᠤᠬᠠᠭᠠᠨ ᠤ ᠬᠥᠷᠢᠶᠡᠯᠡᠩ ᠤᠨ ᠮᠢᠺᠷᠥᠪ ᠰᠤᠲᠤᠯᠬᠤ ᠭᠠᠵᠠᠷ ᠲᠠᠢ ᠬᠠᠮᠵᠢᠯᠴᠠᠵᠥ᠂ 8 ᠵᠥᠢᠯ ᠤᠨ ᠬᠡᠷᠡᠭᠯᠡᠭᠡᠨ ᠤ ᠰᠢᠨ᠎ᠠ ᠬᠡᠯᠪᠡᠷᠢ ᠶᠢᠨ ᠲᠤᠰᠬᠠᠢ ᠠᠰᠢᠭ᠂ 2 ᠵᠥᠢᠯ ᠤᠨ ᠡᠬᠦᠲᠥᠯᠲᠡ ᠶᠢᠨ ᠲᠤᠰᠬᠠᠢ ᠠᠰᠢᠭ ᠢ ᠠᠮᠵᠢᠯᠲᠠᠲᠠᠢ ᠡᠷᠡᠮᠡᠯᠵᠡᠵᠥ᠂ 5 ᠵᠥᠢᠯ ᠤᠨ ᠬᠠᠷ᠎ᠠ ᠠᠲᠤᠭᠤᠨ ᠤ ᠠᠵᠤ ᠥᠢᠯᠡᠰ ᠤᠨ ᠪᠠᠷᠢᠮᠵᠢᠶ᠎ᠠ ᠶᠢ ᠲᠤᠭᠲᠠᠭᠠᠪᠠ᠃ ᠡᠬᠦᠨ ᠤ ᠬᠠᠮᠲᠤ ᠵᠠᠬ᠎ᠠ ᠲᠡᠯᠭᠡᠭᠦᠷ ᠤᠨ ᠱᠠᠭᠠᠷᠲᠠᠯᠭ᠎ᠠ ᠳᠤ ᠵᠤᠬᠢᠴᠠᠭᠤᠯᠤᠨ ᠴᠡᠭᠡᠨ ᠤ ᠵᠠᠶᠢᠷᠮᠠᠭ᠂ ᠴᠡᠭᠡᠨ ᠤ ᠲᠠᠯᠬ᠎ᠠ᠂ ᠴᠡᠭᠡᠨ ᠤ ᠬᠥᠯᠲᠡᠭᠡᠮᠡᠯ ᠨᠤᠨᠲᠠᠭ ᠵᠡᠷᠭᠡ 7 ᠶᠡᠭᠡ ᠲᠥᠷᠥᠯ ᠤᠨ 23 ᠵᠥᠢᠯ ᠤᠨ ᠪᠥᠲᠥᠭᠡᠭᠲᠡᠬᠦᠨ ᠰᠤᠲᠤᠯᠤᠨ ᠨᠡᠭᠡᠭᠡᠵᠥ᠂ ᠪᠥᠲᠥᠭᠡᠭᠲᠡᠬᠦᠨ ᠤ ᠲᠠᠭᠠᠯᠲᠠ ᠥᠷᠲᠡᠭ ᠢ ᠪᠥᠲᠥᠮᠵᠢᠲᠡᠢ ᠲᠡᠭᠡᠭᠰᠢᠯᠡᠬᠦᠯᠥᠭᠰᠡᠨ ᠪᠠᠶᠢᠨ᠎ᠠ᠃      ᠡᠵᠡᠩᠨᠡᠨ ᠪᠤᠷᠤᠯᠠᠭᠤᠯᠬᠤ ᠬᠡᠯᠬᠢᠶᠡᠰᠥ ᠲᠡᠭᠡᠷ᠎ᠠ ᠪᠥᠲᠥᠭᠡᠯᠴᠢ ᠠᠷᠭ᠎ᠠ ᠬᠡᠮᠵᠢᠶ᠎ᠠ ᠠᠪᠴᠥ᠂ ᠠᠮᠢᠵᠢᠷᠠᠯ ᠤᠨ ᠬᠥᠴᠥᠨ ᠨᠡᠮᠡᠷᠢᠯᠡᠵᠥ᠂ ᠬᠠᠷ᠎ᠠ ᠠᠲᠤᠭᠤᠨ ᠤ ᠠᠵᠤ ᠥᠢᠯᠡᠰ ᠢᠶᠠᠷ ᠮᠠᠯᠴᠢᠳ ᠤᠨ ᠤᠷᠤᠯᠭ᠎ᠠ ᠶᠢᠨ ᠨᠡᠮᠡᠭᠲᠡᠯ  ᠢ ᠲᠠᠶᠢᠴᠢᠯᠠᠵᠥ ᠪᠤᠢ᠃ ᠲᠤᠰ ᠬᠤᠰᠢᠭᠤ ᠨᠢ ︽ᠰᠥᠯᠵᠢᠶᠡᠨ ᠲᠡᠭᠡᠷ᠎ᠠ ᠲᠡᠯᠭᠡᠨ ᠥᠵᠡᠬᠦᠯᠬᠦ + ᠪᠤᠲᠠᠲᠤ ᠲᠠᠯᠠᠪᠤᠷ ᠲᠤ ᠪᠡᠶᠡᠴᠢᠯᠡᠨ ᠤᠶᠢᠯᠠᠭᠠᠬᠤ︾ ᠪᠤᠷᠤᠯᠠᠭᠤᠯᠭ᠎ᠠ ᠶᠢᠨ ᠵᠠᠬᠪᠤᠷ ᠢ ᠢᠲᠡᠪᠬᠢᠲᠡᠢ ᠬᠠᠶᠢᠨ ᠰᠥᠪᠡᠭᠴᠢᠯᠡᠵᠥ᠂ ᠠᠪᠠᠭ᠎ᠠ ᠬᠠᠷ᠎ᠠ ᠠᠲᠤᠭᠤᠨ ᠤ ᠰᠤᠶᠤᠯ ᠤᠨ ᠨᠠᠶᠢᠷ᠂ ᠲᠤᠮᠤ ᠬᠡᠯᠪᠡᠷᠢ ᠶᠢᠨ ᠠᠲᠤᠭᠤᠨ ᠤ ᠠᠵᠤ ᠥᠢᠯᠡᠰ ᠠᠲᠤᠭᠤᠨ ᠤ ᠠᠰᠢᠭ ᠰᠢᠮ᠎ᠠ ᠶᠢ ᠵᠤᠯᠭᠠᠯᠴᠠᠭᠤᠯᠬᠤ ᠬᠤᠷᠠᠯ᠂ ᠠᠪᠠᠭ᠎ᠠ ᠬᠠᠷ᠎ᠠ ᠠᠲᠤᠭᠤᠨ ᠤ ᠬᠥᠭᠵᠢᠯᠲᠡ ᠶᠢᠨ ᠶᠠᠷᠢᠯᠴᠠᠭᠠᠨ ᠤ ᠲᠠᠪᠴᠠᠩ ᠵᠡᠷᠭᠡ ᠠᠵᠢᠯᠯᠠᠭ᠎ᠠ ᠡᠷᠬᠢᠯᠡᠬᠦ ᠪᠠᠷ ᠲᠠᠮᠵᠢᠨ ᠬᠠᠷ᠎ᠠ ᠠᠲᠤᠭᠤ ᠶᠢ ᠠᠷᠠᠴᠢᠯᠠᠨ ᠮᠠᠯᠵᠢᠬᠤ᠂ ᠴᠡᠭᠡ ᠢᠰᠭᠡᠬᠦ ᠵᠡᠷᠭᠡ ᠠᠲᠤᠭᠤᠨ ᠰᠤᠶᠤᠯ ᠵᠢᠭᠤᠯᠴᠢᠯᠠᠯ ᠢ ᠨᠢᠭᠡ ᠴᠤᠭᠴᠠᠵᠢᠭᠤᠯᠤᠨ ᠬᠥᠭᠵᠢᠬᠦᠯᠬᠦ ᠶᠢ ᠠᠬᠢᠭᠤᠯᠵᠥ᠂ ᠠᠪᠠᠭ᠎ᠠ ᠬᠠᠷ᠎ᠠ ᠠᠲᠤᠭᠤᠨ ᠤ ᠨᠡᠷ᠎ᠠ ᠠᠯᠲᠠᠷᠰᠢᠯ ᠪᠤᠯᠤᠨ ᠨᠥᠯᠥᠭᠡᠯᠡᠬᠦ ᠬᠥᠴᠥᠨ ᠢ ᠶᠡᠬᠡᠪᠡᠷ ᠲᠡᠭᠡᠭᠰᠢᠯᠡᠬᠦᠯᠵᠡᠢ᠃ ᠤᠶᠢᠷ᠎ᠠ ᠶᠢᠨ ᠬᠡᠲᠥᠨ ᠵᠢᠯ᠂ ᠲᠤᠰ ᠬᠤᠰᠢᠭᠤ ᠠᠲᠤᠭᠤᠨ ᠰᠤᠶᠤᠯ ᠢ ᠰᠤᠨᠢᠷᠬᠠᠵᠥ ᠤᠶᠢᠯᠠᠭᠠᠬᠤ ᠵᠢᠭᠤᠯᠴᠢᠯᠠᠭᠰᠠᠳ ᠢ ᠨᠡᠶᠢᠲᠡ 20 ᠲᠥᠮᠡᠨ ᠬᠥᠮᠥᠨ ᠤᠲᠠᠭ᠎ᠠ ᠬᠥᠯᠢᠶᠡᠨ ᠵᠤᠴᠢᠯᠠᠵᠥ᠂ 1000 ᠭᠠᠷᠤᠢ ᠲᠥᠮᠡᠨ ᠲᠥᠭᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠲᠠᠶᠢᠴᠢᠯᠠᠪᠠ᠃ ᠡᠬᠦᠨ ᠤ ᠬᠠᠮᠲᠤ ᠤᠷᠢᠳ ᠬᠤᠵᠢᠳ ︽ᠬᠠᠷ᠎ᠠ ᠠᠲᠤᠭᠤᠨ ᠰᠤᠶᠤᠯ ᠤᠨ ᠨᠤᠲᠤᠭ︾ ︽ᠴᠡᠭᠡ ᠰᠤᠶᠤᠯ ᠤᠨ ᠨᠤᠲᠤᠭ︾ ︽ᠲᠤᠮᠲᠠᠲᠤ ᠤᠯᠤᠰ ᠤᠨ ᠴᠡᠭᠡ ᠶᠢᠨ ᠥᠯᠥᠭᠡᠢ︾ ᠵᠡᠷᠭᠡ ᠢᠷᠠᠭᠤ ᠠᠯᠲᠠᠷ  ᠢ  ᠬᠦᠷᠲᠡᠵᠦ᠂ ᠤᠷᠤᠨ ᠨᠤᠲᠤᠭ ᠤᠨ ᠲᠠᠪᠠᠭᠤᠯᠢᠭ ᠢᠶᠠᠨ ᠭᠠᠲᠠᠭᠰᠢ ᠤᠬᠠᠭᠤᠯᠬᠤ ᠳᠤ ᠬᠥᠲᠡᠯᠭᠡᠬᠦ ᠬᠥᠴᠥᠨ ᠤᠯᠭᠤᠭᠰᠠᠨ ᠢᠶᠠᠷ ᠪᠠᠷᠠᠬᠤ ᠥᠭᠡᠢ ᠮᠠᠯᠴᠢᠳ ᠤᠨ ᠤᠷᠤᠯᠭ᠎ᠠ ᠪᠠᠨ ᠨᠡᠮᠡᠭᠲᠡᠬᠦᠯᠬᠦ ᠠᠷᠭ᠎ᠠ ᠵᠠᠮ ᠢ ᠥᠷᠭᠡᠳᠭᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号