ᠰᠢᠯᠤᠭᠤᠨ ᠬᠥᠬᠡ ᠬᠤᠰᠢᠭᠤᠨ ᠤ ᠳᠡᠭᠡᠳᠦ ᠨᠡᠶᠢᠰᠯᠡᠯ ᠺᠢᠨᠣ᠋ ᠲᠧᠯᠸᠢᠰ ᠤᠨ ᠬᠤᠲᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2024/8/13
     ᠣᠶᠢᠷ᠎ᠠ ᠳᠤ᠂ ᠰᠢᠯᠤᠭᠤᠨ ᠬᠥᠬᠡ ᠬᠤᠰᠢᠭᠤᠨ ᠤ ᠳᠡᠭᠡᠳᠦ ᠨᠡᠶᠢᠰᠯᠡᠯ ᠺᠢᠨᠣ᠋ ᠲᠧᠯᠸᠢᠰ ᠤᠨ ᠬᠤᠳᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠵᠢᠱᠢᠯᠲᠡ ᠪᠠᠷ ᠲᠦᠷᠦᠯ ᠵᠦᠢᠯ ᠤᠨ ᠶᠡᠷᠦᠩᠬᠡᠢ ᠲᠠᠯᠠᠪᠠᠢ ᠨᠢ 4 ᠲᠦᠮᠡᠨ ᠬᠠᠪᠳᠠᠭᠠᠢ ᠳᠥᠷᠪᠡᠯᠵᠢᠨ ᠮᠧᠲᠷ ᠲᠤ ᠬᠦᠷᠴᠦ᠂ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠪᠠᠷ ᠲᠦᠯᠦᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 5.9 ᠳ᠋ᠦᠩᠰᠢᠭᠤᠷ ᠲᠥᠭᠦᠷᠢᠭ ᠲᠤ ᠬᠦᠷᠴᠡᠢ᠃      ᠣᠳᠣᠬᠠᠨ ᠳᠤ᠂ ᠳᠡᠭᠡᠳᠦ ᠨᠡᠶᠢᠰᠯᠡᠯ ᠺᠢᠨᠣ᠋ ᠲᠧᠯᠸᠢᠰ ᠤᠨ ᠬᠤᠲᠠ ᠶᠢ ᠵᠠᠰᠠᠨ ᠰᠢᠨᠡᠳᠭᠡᠵᠦ ᠳᠡᠭᠡᠭᠰᠢᠯᠡᠭᠦᠯᠬᠦ ᠠᠵᠢᠯ ᠢ ᠶᠠᠪᠤᠬᠳᠠᠭᠤᠯᠵᠦ᠂ ᠺᠢᠨᠣ᠋ ᠲᠧᠯᠸᠢᠰ ᠤᠨ ᠬᠤᠲᠠ ᠶᠢᠨ ᠣᠳᠣᠬᠢ ᠪᠠᠶᠢᠳᠠᠯ ᠳᠤ ᠴᠢᠭᠯᠡᠭᠦᠯᠦᠨ᠂ ᠲᠡᠭᠦᠨ ᠤ ᠲᠡᠦᠬᠡ ᠰᠣᠶᠣᠯ ᠤᠨ ᠠᠴᠢ ᠬᠤᠯᠪᠣᠭᠳᠠᠯ ᠢ ᠬᠠᠳᠠᠭᠠᠯᠠᠭᠰᠠᠨ ᠰᠠᠭᠤᠷᠢᠨ ᠳᠡᠭᠡᠷ᠎ᠡ ᠬᠡᠰᠡᠭ ᠲᠠᠯ᠎ᠠ ᠶᠢᠨ ᠰᠡᠯᠪᠢᠨ ᠵᠠᠰᠠᠯᠲᠠ ᠪᠠ ᠨᠡᠮᠡᠨ ᠪᠦᠲᠦᠭᠡᠨ ᠪᠠᠶᠢᠭᠤᠯᠵᠤ᠂ ᠲᠡᠭᠦᠨ ᠢ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠨᠥᠬᠦᠴᠡᠯ ᠳᠤ ᠬᠦᠷᠭᠡᠨ᠂ 9 ᠰᠠᠷ᠎ᠠ ᠶᠢᠨ ᠰᠡᠭᠦᠯᠴᠢ ᠪᠠᠷ ᠺᠢᠨᠣ᠋ ᠲᠧᠯᠸᠢᠰ ᠤᠨ ᠬᠤᠲᠠ ᠶᠢ ᠪᠦᠬᠦᠨ ᠢ ᠵᠠᠰᠠᠨ ᠰᠢᠨᠡᠳᠭᠡᠵᠦ ᠳᠡᠭᠡᠭᠰᠢᠯᠡᠭᠦᠯᠬᠦ ᠠᠵᠢᠯ ᠢ ᠳᠠᠭᠤᠰᠬᠠᠨ᠎ᠠ᠃      ᠣᠶᠢᠯᠠᠭᠠᠭᠰᠠᠨ ᠢᠶᠠᠷ᠂ ᠰᠢᠯᠤᠭᠤᠨ ᠬᠥᠬᠡ ᠬᠤᠰᠢᠭᠤᠨ ᠤ ᠳᠡᠭᠡᠳᠦ ᠨᠡᠶᠢᠰᠯᠡᠯ ᠺᠢᠨᠣ᠋ ᠲᠧᠯᠸᠢᠰ ᠤᠨ ᠬᠤᠲᠠ ᠶᠢᠨ ᠠᠵᠤ ᠦᠢᠯᠡᠰ ᠤᠨ ᠰᠠᠭᠤᠷᠢᠨ ᠭᠠᠵᠠᠷ ᠨᠢ ᠰᠢᠯᠤᠭᠤᠨ ᠬᠥᠬᠡ ᠬᠤᠰᠢᠭᠤᠨ ᠤ ᠱᠠᠩᠳᠦ ᠪᠠᠯᠭᠠᠰᠤ ᠠᠴᠠ 63 ᠺᠢᠯᠣᠮᠧᠲᠷ ᠵᠠᠶᠢᠲᠠᠢ ᠪᠠᠶᠢᠵᠤ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠠᠷ ᠭᠤᠣᠯ ᠪᠣᠯᠭᠠᠭᠰᠠᠨ ᠵᠢᠭᠤᠯᠴᠢᠯᠠᠯ ᠤᠨ ᠡᠬᠢ ᠪᠠᠶᠠᠯᠢᠭ ᠨᠢᠭᠲᠠᠷᠠᠭᠰᠠᠨ ᠣᠷᠣᠨ ᠳᠤ ᠪᠠᠶᠢᠷᠢᠯᠠᠵᠦ ᠪᠤᠢ᠃ ᠲᠣᠰ ᠲᠥᠷᠥᠯ ᠵᠦᠢᠯ ᠳᠤ ᠳᠡᠭᠡᠳᠦ ᠨᠡᠶᠢᠰᠯᠡᠯ ᠺᠢᠨᠣ᠋ ᠲᠧᠯᠸᠢᠰ ᠤᠨ ᠬᠤᠲᠠ ᠶᠢ ᠪᠦᠬᠦᠯᠢ ᠴᠣᠭᠴᠠ ᠪᠠᠷ ᠨᠢ ᠵᠠᠰᠠᠨ ᠰᠡᠷᠭᠦᠭᠡᠵᠦ᠂ ᠨᠡᠮᠡᠵᠦ ᠪᠠᠶᠢᠭᠤᠯᠬᠤ ᠪᠠ ᠭᠡᠷᠡᠯᠲᠦᠭᠦᠯᠬᠡ ᠭᠢᠭᠦ ᠶᠢᠨ ᠬᠠᠮᠲᠤ  ᠠᠯᠳᠠᠩᠬᠤᠸ᠎ᠠ ᠴᠡᠴᠡᠭ ᠤᠨ ᠤᠷᠳᠤᠨ ᠬᠤᠭᠤᠯᠠᠨ ᠲᠢᠩᠬᠢᠮ᠂ ᠮᠣᠩᠭᠤᠯ ᠠᠳᠤᠭᠤᠨ ᠤ ᠰᠣᠶᠣᠯ ᠤᠨ ᠬᠦᠷᠢᠶᠡᠯᠡᠩ᠂ ᠳᠥᠷᠪᠡᠨ ᠤᠯᠠᠷᠢᠯ ᠤᠨ ᠬᠡᠭᠡᠷ᠎ᠡ ᠪᠠᠭᠤᠳᠠᠯᠯᠠᠬᠤ ᠬᠤᠨᠤᠭ ᠪᠠᠭᠤᠴᠠ᠂ ᠡᠷᠲᠡᠨ ᠤ ᠬᠤᠲᠠ ᠶᠢᠨ ᠰᠣᠶᠣᠯ ᠤᠨ ᠬᠤᠩᠭᠢᠯ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠵᠢᠭᠤᠯᠴᠢᠯᠠᠯ ᠤᠨ ᠰᠣᠶᠣᠯ ᠤᠨ ᠲᠠᠯᠠᠪᠤᠷ ᠢ ᠪᠠᠶᠢᠭᠤᠯᠬᠤ ᠪᠣᠯᠣᠨ᠎ᠠ᠃ ᠲᠠᠯ᠎ᠠ ᠨᠤᠲᠤᠭ ᠤᠨ ᠲᠠᠪᠠᠭᠤᠯᠢᠭ ᠪᠠᠶᠢᠭᠠᠯᠢ ᠶᠢᠨ ᠦᠵᠡᠮᠵᠢ ᠪᠠ ᠲᠠᠯ᠎ᠠ ᠨᠤᠲᠤᠭ ᠤᠨ ᠭᠦᠨ ᠵᠤᠵᠠᠭᠠᠨ ᠰᠣᠶᠣᠯ ᠤᠨ ᠠᠭᠤᠯᠬᠤᠨ ᠳᠤ ᠲᠦᠰᠢᠭᠯᠡᠨ᠂ ᠺᠢᠨᠣ᠋ ᠲᠧᠯᠸᠢᠰ ᠤᠨ ᠰᠣᠶᠣᠯ᠂ ᠵᠢᠭᠤᠯᠴᠢᠯᠠᠯ ᠠᠮᠠᠷᠠᠯᠲᠠ᠂ ᠣᠨᠴᠠᠯᠢᠭᠲᠤ ᠲᠠᠯ᠎ᠠ ᠨᠤᠲᠤᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢ ᠠᠬᠤᠢ ᠶᠢ ᠨᠢᠭᠡ ᠴᠣᠭᠴᠠᠵᠢᠭᠤᠯᠤᠭᠰᠠᠨ ᠲᠠᠯ᠎ᠠ ᠨᠤᠲᠤᠭ ᠤᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠴᠢᠨᠠᠷᠲᠠᠢ ᠬᠥᠭᠵᠢᠯᠲᠡ ᠶᠢᠨ ᠲᠠᠪᠴᠠᠩ ᠢ ᠶᠡᠷᠦᠩᠬᠡᠶᠢᠯᠡᠨ ᠬᠥᠭᠵᠢᠭᠦᠯᠦᠨ᠎ᠡ᠃ ᠰᠢᠯᠤᠭᠤᠨ ᠬᠥᠬᠡ ᠬᠤᠰᠢᠭᠤᠨ ᠤ ᠳᠡᠭᠡᠳᠦ ᠨᠡᠶᠢᠰᠯᠡᠯ ᠺᠢᠨᠣ᠋ ᠲᠧᠯᠸᠢᠰ ᠤᠨ ᠬᠤᠲᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠬᠠᠷᠢᠭᠤᠴᠠᠯᠭᠠᠲᠠᠨ ᠢᠦᠢ ᠵᠢᠶᠠᠨ ᠵᠥᠩ ᠢᠯᠡᠷᠬᠡᠶᠢᠯᠡᠬᠦ ᠳᠡᠭᠡᠨ᠄ ︽ᠲᠣᠰ ᠲᠥᠷᠥᠯ ᠵᠦᠢᠯ ᠨᠢ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠵᠤ᠂ ᠲᠠᠯ᠎ᠠ ᠨᠤᠲᠤᠭ ᠤᠨ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠭᠦᠨᠴᠡ ᠪᠠ ᠥᠷᠭᠡᠴᠡ ᠶᠢ ᠤᠷᠲᠤᠳᠬᠠᠨ᠂ ᠲᠠᠯ᠎ᠠ ᠨᠤᠲᠤᠭ ᠤᠨ ᠰᠣᠶᠣᠯ ᠤᠨ ᠤᠯᠠᠮᠵᠢᠯᠠᠯ ᠪᠠ ᠲᠠᠯ᠎ᠠ ᠨᠤᠲᠤᠭ ᠤᠨ ᠰᠣᠶᠣᠯ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ︾ ᠭᠡᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号