ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠨᠢᠭᠡᠴᠡ ᠳᠤ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠪᠠ ᠭᠠᠵᠠᠷ ᠵᠦᠶ ᠶᠢᠨ ᠢᠯᠡᠷᠭᠡᠶᠢᠯᠡᠯᠳᠣ ᠲᠠᠸᠠᠷ ᠤᠨ ᠲᠡᠮᠳᠡᠭ ᠲᠤ ᠡᠷᠬᠡ | ᠣᠯᠭᠤᠨ ᠬᠡᠷᠡᠭᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ ᠵᠠᠬᠢᠷᠭ᠎ᠠ ᠶᠢᠨ 2024 ᠣᠨ ᠤ 3 ᠳ᠋ᠤᠭᠠᠷ | ᠣᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2024 ᠣᠨ ᠤ 1 ᠳ᠋ᠤᠭᠠᠷ ᠰᠠᠷ᠎ᠠ ᠶᠢᠨ 15 ᠤ ᠡᠳᠦᠷ | | | | | | | ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠪᠠ | ᠭᠠᠵᠠᠷ ᠵᠦᠶ ᠶᠢᠨ ᠢᠯᠡᠷᠭᠡᠶᠢᠯᠡᠯᠳᠣ ᠲᠠᠸᠠᠷ ᠤᠨ ᠲᠡᠮᠳᠡᠭ ᠲᠤ ᠡᠷᠬᠡ ᠣᠯᠭᠤᠨ ᠬᠡᠷᠡᠭᠯᠡᠭᠦᠯᠬᠦ ᠬᠠᠮᠢᠶᠠᠷᠤᠯᠲᠠ ᠶᠢᠨ | ᠠᠷᠭ᠎ᠠ | | | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠳᠡᠮᠳᠡᠭ ᠪᠠ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ︵ᠳᠣᠷᠣᠭᠰᠢ ︽ | ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ︾ ᠭᠡᠵᠦ ᠲᠣᠪᠴᠢᠯᠠᠨ᠎ᠠ︶ ᠤᠨ ᠬᠢᠨᠠᠯᠲᠠ | ᠬᠠᠮᠢᠶᠠᠷᠤᠯᠲᠠ ᠶᠢ ᠠᠬᠢᠭᠤᠯᠵᠤ᠂ ᠨᠠᠷᠠᠲᠤ ᠳᠡᠮᠳᠡᠭ ᠤᠨ ᠨᠡᠷ᠎ᠡ ᠬᠦᠨᠳᠦ ᠪᠠ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠂ | ᠨᠠᠷᠠᠲᠤ ᠳᠡᠮᠳᠡᠭ ᠲᠤ ᠡᠷᠬᠡ ᠣᠯᠭᠤᠨ ᠬᠡᠷᠡᠭᠯᠡᠭᠦᠯᠬᠦ ᠶᠢ ᠵᠢᠷᠤᠮᠵᠢᠭᠤᠯᠵᠤ᠂ ᠪᠦᠲᠦᠭᠡᠭᠳᠡᠬᠦᠨ ᠤ ᠶᠠᠰᠤ ᠴᠢᠨᠠᠷ ᠠᠮᠤᠷ | ᠲᠦᠪᠰᠢᠨ ᠢ ᠦᠨᠡᠨᠬᠦ ᠪᠠᠲᠤᠯᠠᠵᠤ᠂ ᠦᠢᠯᠡᠳᠪᠦᠷᠢᠯᠡᠭᠴᠢ᠂ ᠬᠡᠷᠡᠭᠯᠡᠭᠴᠢ᠂ ᠡᠵᠡᠩᠨᠡᠭᠴᠢ ᠶᠢᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ | ᠲᠡᠮᠳᠡᠭ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ ᠬᠠᠤᠯᠢ | ᠬᠡᠷᠡᠭᠵᠢᠭᠦᠯᠬᠦ ᠳᠦᠷᠢᠮ︾᠂ ︽ᠬᠠᠮᠲᠤ ᠨᠡᠶᠢᠲᠡ ᠶᠢᠨ ᠲᠠᠸᠠᠷ ᠤᠨ ᠲᠡᠮᠳᠡᠭ᠂ ᠭᠡᠷᠡᠴᠢᠯᠡᠬᠦ ᠲᠠᠸᠠᠷ ᠤᠨ ᠲᠡᠮᠳᠡᠭ ᠢ | ᠳᠠᠩᠰᠠᠯᠠᠬᠤ ᠪᠠ ᠬᠠᠮᠢᠶᠠᠷᠬᠤ ᠠᠷᠭ᠎ᠠ︾᠂ ︽ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠤᠨ ᠲᠤᠰᠬᠠᠢ | ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ | ᠵᠢᠴᠢ ᠳᠦᠷᠢᠮ ᠲᠣᠭᠲᠠᠭᠠᠯ ᠢ ᠦᠨᠳᠦᠰᠦᠯᠡᠨ᠂ ︽ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ︾ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠪᠣᠯ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠠᠴᠠ ᠲᠣᠷᠠᠳᠣᠭᠰᠠᠨ᠂ ᠣᠷᠣᠨ ᠨᠤᠲᠤᠭ ᠤᠨ ᠤᠨᠴᠠᠯᠢᠭᠳᠤ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢ ᠳᠥᠯᠭᠢᠨ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠪᠠᠷ | ᠵᠣᠷᠢᠯᠭ᠎ᠠ ᠪᠣᠯᠭᠠᠭᠰᠠᠨ ᠴᠢᠨᠠᠷ ᠰᠠᠶᠢᠲᠠᠶ ᠮᠠᠯ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠳᠡᠮᠳᠡᠭ ᠪᠣᠯᠤᠨ᠎ᠠ᠃ | ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠳᠡᠮᠳᠡᠭ ᠪᠠ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠪᠠᠭᠲᠠᠨ᠎ᠠ᠂ ᠡᠭᠦᠨ ᠳᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠤᠨ ᠪᠦᠲᠦᠭᠡᠭᠳᠡᠬᠦᠨ ᠢ ᠤᠯᠠᠮᠵᠢᠯᠠᠯᠲᠤ ᠰᠢᠯᠢ ᠶᠢᠨ ᠭᠤᠤᠯ | ᠴᠠᠭᠠᠨ ᠢᠳᠡᠭᠡᠨ ᠤ ᠪᠦᠲᠦᠭᠡᠭᠳᠡᠬᠦᠨ ᠪᠠ ᠰᠢᠯᠢ ᠶᠢᠨ ᠭᠤᠤᠯ ᠴᠠᠭᠠᠨ ᠢᠳᠡᠭᠡᠨ ᠤ ᠪᠦᠲᠦᠭᠡᠭᠳᠡᠬᠦᠨ ᠭᠡᠵᠦ | ᠬᠤᠪᠢᠶᠠᠨ᠎ᠠ᠂ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠤᠨ ᠪᠦᠲᠦᠭᠡᠭᠳᠡᠬᠦᠨ ᠳᠤ ᠬᠤᠷᠤᠳ᠂ | ᠴᠣᠷ᠎ᠠ᠂ ᠪᠢᠰᠢᠯᠠᠭ᠂ ᠠᠭᠠᠷᠴᠠ ᠵᠡᠷᠭᠡ 4 ᠵᠦᠢᠯ ᠤᠨ ᠤᠯᠠᠮᠵᠢᠯᠠᠯᠲᠤ ᠪᠦᠲᠦᠭᠡᠭᠳᠡᠬᠦᠨ ᠵᠢᠴᠢ ᠲᠡᠭᠦᠨ ᠠᠴᠠ | ᠤᠯᠠᠷᠢᠭᠰᠠᠨ ᠪᠠᠶᠢᠭᠠᠯᠢᠯᠢᠭ ᠪᠦᠲᠦᠭᠡᠭᠳᠡᠬᠦᠨ ᠪᠠᠭᠲᠠᠨ᠎ᠠ᠃ | ᠭᠤᠷᠪᠠᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠡᠷᠬᠡ ᠣᠯᠭᠤᠬᠤ | ᠲᠡᠮᠳᠡᠭ ᠲᠤ ᠭᠤᠤᠯᠳᠠᠭᠤ᠄ ᠰᠢᠯᠢ ᠶᠢᠨ ᠭᠤᠤᠯ ᠴᠠᠭᠠᠨ ᠢᠳᠡᠭᠡᠨ ᠤ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ | ᠲᠡᠮᠳᠡᠭ᠂ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠳᠡᠮᠳᠡᠭᠳᠣ ᠶᠢᠨ ᠳᠦᠷᠢ ᠲᠥᠷᠬᠦ ᠶᠢᠨ ᠲᠡᠮᠳᠡᠭ᠂ ᠰᠢᠯᠢ ᠶᠢᠨ ᠭᠤᠤᠯ ᠴᠠᠭᠠᠨ ᠢᠳᠡᠭᠡᠨ ᠤ ᠡᠩ ᠤᠨ ᠲᠠᠸᠠᠷ ᠤᠨ | ᠲᠡᠮᠳᠡᠭ ᠵᠢᠴᠢ ᠬᠠᠮᠢᠶ᠎ᠠ ᠪᠦᠬᠦᠢ ᠵᠣᠬᠢᠶᠠᠨ ᠪᠦᠳᠦᠭᠡᠬᠦ ᠡᠷᠬᠡ ᠶᠢᠨ ᠵᠢᠷᠤᠭ ᠲᠡᠮᠳᠡᠭ ᠪᠠᠭᠲᠠᠨ᠎ᠠ᠃ | ᠳᠥᠷᠪᠡᠳᠦᠭᠡᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠤᠬᠠᠭᠤᠯᠭ᠎ᠠ ᠶᠢᠨ | ᠲᠡᠮᠳᠡᠭ ᠲᠤ ᠭᠤᠤᠯᠳᠠᠭᠤ᠄ ᠰᠢᠯᠢ ᠶᠢᠨ ᠭᠤᠤᠯ ᠴᠠᠭᠠᠨ ᠢᠳᠡᠭᠡᠨ ᠤ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ | ᠲᠡᠮᠳᠡᠭ ᠤᠨ ᠥᠯᠢᠭᠡᠷ ᠵᠢᠷᠤᠭ᠂ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠳᠡᠮᠳᠡᠭᠳᠣ ᠶᠢᠨ ᠳᠦᠷᠢ ᠲᠥᠷᠬᠦ ᠶᠢᠨ ᠲᠡᠮᠳᠡᠭ᠂ ᠰᠢᠯᠢ ᠶᠢᠨ ᠭᠤᠤᠯ ᠴᠠᠭᠠᠨ ᠢᠳᠡᠭᠡᠨ ᠤ | ᠨᠠᠷᠠᠲᠤ ᠳᠡᠮᠳᠡᠭ ᠤᠨ ᠤᠷᠢᠶ᠎ᠠ᠂ ᠡᠯ᠎ᠡ ᠲᠥᠷᠥᠯ ᠤᠨ ᠪᠣᠭᠤᠳᠠᠯ ᠪᠠᠭᠯᠠᠭ᠎ᠠ ᠶᠢᠨ ᠡᠳ᠋᠂ ᠡᠯ᠎ᠡ ᠲᠥᠷᠥᠯ ᠤᠨ | ᠤᠬᠠᠭᠤᠯᠭ᠎ᠠ ᠶᠢᠨ ᠵᠦᠢᠯ ᠵᠢᠴᠢ ᠰᠣᠶᠣᠯ ᠤᠨ ᠡᠭᠦᠳᠦᠨ ᠪᠦᠲᠦᠭᠡᠯᠲᠡ ᠶᠢᠨ ᠪᠦᠲᠦᠭᠡᠭᠳᠡᠬᠦᠨ᠂ ᠡᠯ᠎ᠡ ᠲᠥᠷᠥᠯ ᠤᠨ | ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠵᠢᠴᠢ ᠳᠡᠯᠭᠡᠭᠦᠷ ᠤᠨ ᠵᠠᠷ ᠰᠣᠷᠳᠠᠯᠴᠢᠯᠠᠭ᠎ᠠ ᠵᠡᠷᠭᠡ ᠪᠠᠭᠲᠠᠨ᠎ᠠ᠃ | ᠲᠠᠪᠤᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠪᠠᠶᠢᠭᠤᠯᠤᠯᠲᠠ᠂ | ᠡᠵᠡᠩᠨᠡᠯᠲᠡ ᠶᠢᠨ ᠴᠢᠬᠤᠯᠠ ᠶᠡᠭᠡ ᠵᠦᠢᠯᠡᠰ ᠢ ᠠᠶᠢᠮᠠᠭ ᠤᠨ ᠵᠠᠬᠢᠷᠭ᠎ᠠ ᠠᠴᠠ ᠰᠤᠳᠤᠯᠤᠨ ᠲᠣᠭᠲᠠᠭᠠᠨ᠎ᠠ︔ | ᠠᠶᠢᠮᠠᠭ ᠤᠨ ᠨᠡᠷ᠎ᠡ ᠳᠡᠮᠳᠡᠭᠳᠣ ᠶᠢᠨ ᠪᠠᠶᠢᠭᠤᠯᠣᠯᠳᠠ ᠶᠢ ᠠᠬᠢᠭᠤᠯᠬᠤ ᠲᠦᠪ ᠨᠢ ᠠᠶᠢᠮᠠᠭ ᠤᠨ ᠵᠠᠬᠢᠷᠭ᠎ᠠ ᠠᠴᠠ ᠡᠷᠬᠡ | ᠣᠯᠭᠤᠭᠰᠠᠨ ᠨᠠᠷᠠᠲᠤ ᠳᠡᠮᠳᠡᠭ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ | ᠪᠣᠯᠬᠤ ᠶᠢᠨ ᠬᠠᠮᠲᠤ ᠠᠶᠢᠮᠠᠭ ᠤᠨ ᠨᠠᠷᠠᠲᠤ ᠳᠡᠮᠳᠡᠭ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ︵ | ᠬᠠᠮᠲᠤᠷᠠᠭᠰᠠᠨ ᠬᠤᠷᠠᠯ︶ ᠤᠨ ᠠᠯᠪᠠᠨ ᠬᠡᠷ ᠤᠨ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠠᠶᠢᠮᠠᠭ ᠤᠨ | ᠨᠡᠶᠢᠭᠡᠮᠯᠢᠭ ᠨᠢ ᠵᠠᠬᠢᠷᠭ᠎ᠠ ᠠᠴᠠ ᠡᠷᠬᠡ ᠣᠯᠭᠤᠭᠰᠠᠨ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠂ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠵᠡᠮᠰᠢᠭᠴᠢ ᠪᠣᠯᠤᠭᠰᠠᠨ ᠤ ᠬᠤᠪᠢ ᠳᠤ᠂ | ᠬᠠᠮᠲᠤᠷᠠᠭᠰᠠᠨ ᠬᠤᠷᠠᠯ ᠤᠨ ᠪᠤᠰᠤᠳ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠯᠦᠭᠡ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠡᠷᠬᠡ ᠣᠯᠭᠤᠭᠰᠠᠨ ᠭᠤᠤᠯ ᠴᠣᠭᠴᠠ ᠳᠤ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠ ᠦᠢᠯᠡᠴᠢᠯᠡᠭᠡ ᠬᠠᠩᠭᠠᠨ᠎ᠠ᠃ | ᠲᠣᠰ ᠠᠷᠭ᠎ᠠ ᠳᠤ ᠭᠤᠤᠯᠳᠠᠭᠤ ᠰᠢᠯᠢ ᠶᠢᠨ ᠭᠤᠤᠯ ᠠᠶᠢᠮᠠᠭ ᠤᠨ ᠬᠡᠪᠴᠢᠶᠡᠨ ᠳᠠᠬᠢ ᠴᠠᠭᠠᠨ ᠢᠳᠡᠭᠡᠨ | ᠦᠢᠯᠡᠳᠪᠦᠷᠢᠯᠡᠬᠦ ᠠᠵᠤ ᠠᠬᠤᠶᠢᠯᠠᠯ ᠪᠠ ᠵᠢᠵᠢᠭ ᠦᠢᠯᠡᠳᠬᠡᠯ ᠤᠨ ᠭᠠᠵᠠᠷ ᠤᠨ ᠰᠢᠯᠢ ᠶᠢᠨ ᠭᠤᠤᠯ ᠴᠠᠭᠠᠨ ᠢᠳᠡᠭᠡᠨ | ᠤ ᠨᠠᠷᠠᠲᠤ ᠳᠡᠮᠳᠡᠭ ᠢ ᠭᠤᠶᠤᠴᠢᠯᠠᠨ ᠬᠡᠷᠡᠭᠯᠡᠬᠦ ᠬᠠᠮᠢᠶ᠎ᠠ ᠪᠦᠬᠦᠢ ᠠᠭᠤᠯᠭ᠎ᠠ ᠶᠢ ᠲᠣᠭᠲᠠᠭᠠᠵᠤ᠂ ᠪᠤᠰᠤᠳ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠣᠯᠠᠭᠤᠯᠭ᠎ᠠ ᠶᠢᠨ ᠭᠤᠤᠯ ᠴᠣᠭᠴᠠ ᠳᠤ ᠴᠢᠭᠯᠡᠭᠦᠯᠦᠨ᠂ | ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠠᠶᠢᠮᠠᠭ ᠤᠨ ᠵᠠᠬᠢᠷᠭ᠎ᠠ ᠳᠤ ᠳᠡᠪᠰᠢᠭᠦᠯᠵᠦ ᠰᠤᠳᠤᠯᠤᠨ | ᠬᠢᠨᠠᠭᠤᠯᠤᠨ᠎ᠠ᠃ | ᠵᠢᠷᠭᠤᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠡᠷᠬᠡ ᠣᠯᠭᠤᠬᠤ | ᠬᠠᠮᠢᠶᠠᠷᠤᠯᠲᠠ ᠳᠤ ᠳᠣᠤᠷᠠᠬᠢ ᠵᠠᠷᠴᠢᠮ ᠢ ᠪᠠᠷᠢᠮᠲᠠᠯᠠᠨ᠎ᠠ᠄ | ︵ᠨᠢᠭᠡ︶ ᠠᠶᠢᠮᠠᠭ ᠤᠨ ᠵᠠᠬᠢᠷᠭ᠎ᠠ ᠭᠤᠣᠯᠯᠠᠨ ᠵᠢᠯᠣᠭᠤᠳᠴᠤ᠂ ᠰᠠᠶᠢᠨ ᠳᠤᠷ᠎ᠠ ᠠᠴᠠ ᠪᠠᠨ ᠭᠤᠶᠤᠴᠢᠯᠠᠨ᠎ᠠ᠃ | ︵ᠬᠤᠶᠠᠷ︶ ᠤᠷᠢᠳᠠᠪᠠᠷ ᠲᠤᠷᠰᠢᠯᠲᠠ ᠬᠢᠵᠦ᠂ ᠠᠯᠬᠤᠮ ᠠᠯᠬᠤᠮ ᠢᠶᠠᠷ ᠬᠡᠪᠴᠢᠶ᠎ᠡ ᠪᠠᠨ ᠥᠷᠭᠡᠳᠬᠡᠨ᠂ | ᠰᠢᠯᠢᠳᠡᠭ ᠢ ᠨᠢ ᠰᠣᠩᠭᠤᠵᠤ᠂ ᠬᠥᠳᠡᠯᠦᠩᠭᠦᠶ ᠪᠠᠷ ᠳᠣᠭᠢᠷᠠᠭᠤᠯᠤᠨ᠎ᠠ᠃ | ︵ᠭᠤᠷᠪᠠ︶ ᠢᠯᠡ ᠲᠣᠳᠣ᠂ ᠲᠥᠪ ᠭᠤᠣᠯᠴᠢ᠂ ᠡᠷᠬᠡ ᠲᠡᠭᠰᠢ ᠪᠠᠶᠢᠬᠤ ᠶᠢ ᠪᠠᠷᠢᠮᠳᠠᠯᠠᠨ᠎ᠠ᠃ | ᠳᠣᠯᠣᠳᠤᠭᠠᠷ ᠵᠦᠢᠯ ᠨᠡᠷᠡᠲᠦ ᠳᠡᠮᠳᠡᠭ ᠤᠨ ᠬᠠᠮᠢᠶᠠᠷᠤᠯᠲᠠ ᠯᠤᠭ᠎ᠠ ᠬᠤᠯᠪᠣᠭᠳᠠᠬᠤ ᠬᠠᠷᠢᠭᠤᠴᠠᠯᠭ᠎ᠠ ᠶᠢᠨ | ᠭᠤᠣᠯ ᠴᠣᠭᠴᠠ ᠨᠤᠭᠤᠳ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠡᠯᠪᠡᠭ ᠪᠠᠶᠠᠯᠢᠭ ᠮᠥᠷᠲᠡᠭᠡᠨ ᠥᠨᠢ ᠤᠳᠠᠭᠠᠨ ᠲᠡᠦᠬᠡ | ᠰᠣᠶᠣᠯ ᠤᠨ ᠬᠤᠷᠠᠮᠳᠤᠯ ᠢᠶᠠᠨ ᠤᠯᠠᠮᠵᠢᠯᠠᠨ ᠵᠠᠯᠭᠠᠮᠵᠢᠯᠠᠵᠤ᠂ ᠠᠵᠤ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ | ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠵᠡᠷᠭᠡ ᠳᠤᠨᠢ ᠳᠡᠭᠡᠭᠰᠢᠯᠡᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠣᠨᠴᠠᠯᠢᠭ ᠰᠢᠨᠵᠢ | ᠨᠠᠢᠮᠠᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠭᠠᠷᠤᠯᠲᠠ ᠶᠢᠨ ᠣᠷᠣᠨ ᠤ ᠭᠡᠪᠴᠢᠶᠡᠨ ᠳᠤ | ᠰᠢᠯᠢ ᠶᠢᠨ ᠭᠤᠣᠯ ᠠᠶᠢᠮᠠᠭ ᠤᠨ ᠪᠦᠬᠦ ᠭᠠᠵᠠᠷ ᠣᠷᠣᠨ ᠬᠠᠷᠢᠶᠠᠯᠠᠭᠳᠠᠵᠣ᠂ ᠡᠭᠦᠨ ᠳᠤ ᠬᠠᠷᠢᠶᠠᠨ ᠳᠠᠬᠢ ᠡᠷᠢᠶᠡᠨ | ᠬᠤᠲᠠ᠂ ᠰᠢᠯᠢ ᠶᠢᠨ ᠬᠤᠳᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ | ᠬᠤᠰᠢᠭᠤ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ | ᠰᠢᠯᠤᠭᠤᠨ ᠬᠥᠪᠡᠭᠡᠲᠦ ᠴᠠᠭᠠᠨ ᠬᠤᠰᠢᠭᠤ᠂ ᠲᠠᠶᠢᠹᠣᠰᠧ ᠬᠤᠰᠢᠭᠤ᠂ ᠰᠢᠯᠤᠭᠤᠨ ᠬᠥᠬᠡ ᠬᠤᠰᠢᠭᠤ᠂ ᠳᠣᠯᠣᠨ | ᠨᠣᠣᠷ ᠰᠢᠶᠠᠨ᠂ ᠤᠯᠠᠭᠠᠶ ᠬᠠᠮᠢᠶᠠᠷᠤᠯᠲᠠ ᠶᠢᠨ ᠣᠷᠣᠨ ᠵᠡᠷᠭᠡ ᠠᠷᠪᠠᠨ ᠬᠤᠶᠠᠷ ᠬᠤᠰᠢᠭᠤ ᠰᠢᠶᠠᠨ ᠬᠤᠲᠠ ᠪᠠ ᠨᠢᠭᠡ | ᠬᠠᠮᠢᠶᠠᠷᠤᠯᠲᠠ ᠶᠢᠨ ᠣᠷᠣᠨ ᠵᠢᠴᠢ ᠬᠠᠷᠢᠶᠠᠨ ᠳᠠᠬᠢ ᠡᠯ᠎ᠡ ᠰᠤᠮᠤ ᠪᠠᠯᠭᠠᠰᠤ ︵ᠲᠠᠯᠠᠪᠠᠶ︶ ᠪᠠᠭᠲᠠᠨ᠎ᠠ᠃ | ᠶᠢᠰᠦᠳᠦᠭᠡᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠷᠠᠬᠢ ᠴᠢᠨᠠᠷ ᠰᠠᠶᠢᠲᠠᠶ ᠰᠢᠨ᠎ᠡ ᠰᠣᠷᠭᠤᠭ ᠰᠦ ᠠᠴᠠ ᠢᠷᠡᠯᠲᠡ ᠲᠠᠢ ᠪᠠᠶᠢᠵᠤ ᠂ ᠰᠢᠯᠢ ᠶᠢᠨ | ᠭᠤᠤᠯ ᠤᠨ ᠲᠠᠯ᠎ᠠ ᠨᠤᠲᠤᠭ ᠲᠤ ᠯᠠ ᠣᠨᠴᠠ ᠪᠠᠶᠢᠳᠠᠭ ᠠᠶᠠᠨᠳᠠᠭᠠᠨ ᠡᠭᠡᠳᠡᠭᠦᠯᠵᠣ ᠦᠢᠯᠡᠳᠦᠭᠰᠡᠨ ᠶᠤᠮ᠃ ᠰᠢᠨ᠎ᠡ | ᠰᠣᠷᠭᠤᠭ ᠦᠨᠦᠷ ᠠᠮᠳᠠ ᠲᠠᠢ ᠪᠠᠶᠢᠵᠣ᠂ ᠨᠢᠭᠡ ᠵᠦᠢᠯ ᠤᠨ ᠤᠭᠤᠷᠠᠭ ᠥᠨᠳᠥᠷ᠂ ᠺᠠᠯᠼ ᠥᠨᠳᠥᠷ ᠵᠢᠴᠢ ᠶᠡᠭᠡ | ᠬᠡᠮᠵᠢᠶᠡᠨ ᠤ ᠪᠢᠴᠢᠯ ᠡᠯᠧᠮᠧᠨ᠋ᠲ ᠡᠯᠪᠡᠭ ᠠᠭᠤᠯᠤᠭᠰᠠᠨ ᠢᠰᠬᠡᠭᠰᠡᠨ ᠰᠦᠨ ᠤ ᠲᠥᠷᠥᠯ ᠤᠨ ᠢᠳᠡᠭᠡᠨ ᠪᠣᠯᠤᠨ᠎ᠠ᠃ | ᠠᠷᠪᠠᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠪᠣᠯ ᠲᠦᠭᠦᠬᠡᠢ ᠰᠦ ᠶᠢ ᠢᠰᠬᠡᠬᠦ᠂ ᠡᠭᠡᠳᠡᠭᠦᠯᠬᠦ᠂ | ᠰᠢᠷ᠎ᠠ ᠣᠰᠣ ᠶᠢ ᠰᠠᠯᠭᠠᠬᠤ᠂ ᠬᠡᠪᠰᠢᠭᠦᠯᠬᠦ ᠵᠡᠷᠭᠡ ᠶᠠᠪᠣᠴᠠ ᠪᠠᠷ ᠳᠠᠮᠵᠢᠵᠣ ᠬᠢᠭᠰᠡᠨ ᠪᠦᠲᠦᠭᠡᠭᠳᠡᠭᠦᠨ ᠪᠣᠯᠤᠨ᠎ᠠ᠂ | ᠭᠤᠤᠯ ᠬᠢᠬᠦ ᠠᠯᠬᠤᠮ ᠳᠠᠷᠠᠭ᠎ᠠ ᠨᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠭᠠᠷᠤᠯᠲᠠ ᠲᠠᠢ | ᠴᠢᠨᠠᠷ ᠰᠠᠶᠢᠲᠠᠶ ᠰᠢᠨ᠎ᠡ ᠰᠣᠷᠭᠤᠭ ᠲᠦᠭᠦᠬᠡᠢ ᠰᠦ ᠶᠢ ᠰᠣᠩᠭᠤᠨ᠂ ᠰᠢᠯᠢ ᠶᠢᠨ ᠭᠤᠤᠯ ᠤᠨ ᠲᠠᠯ᠎ᠠ ᠨᠤᠲᠤᠭ ᠲᠤ ᠯᠠ | ᠣᠨᠴᠠ ᠪᠠᠶᠢᠳᠠᠭ ᠠᠶᠠᠨᠳᠠᠭᠠᠨ ᠡᠭᠡᠳᠡᠭᠦᠯᠬᠦ ᠠᠷᠭ᠎ᠠ ᠪᠠᠷ ᠳᠠᠮᠵᠢᠨ᠂ ᠶᠡᠭᠡᠩᠬᠢ ᠳᠤ ᠪᠠᠨ ᠰᠦ ᠨᠢ ᠳᠣᠣᠷ᠎ᠠ ᠳᠤᠯᠠᠭᠠᠨ | ︵ 18 ~ 25 ℃︶ ᠤ ᠨᠦᠬᠦᠴᠡᠯ ᠲᠣᠣᠷ᠎ᠠ 2 — 7 ᠡᠳᠦᠷ ᠠᠶᠠᠨᠳᠠᠭᠠᠨ ᠡᠭᠡᠳᠡᠭᠦᠯᠦᠨ᠎ᠡ︔ ᠰᠦ | ᠡᠭᠡᠳᠡᠭᠰᠡᠨ ᠤ ᠳᠠᠷᠠᠭ᠎ᠠ᠂ ᠰᠢᠷ᠎ᠠ ᠣᠰᠣ ᠶᠢ ᠰᠠᠯᠭᠠᠬᠤ ᠪᠠ ᠨᠣᠬᠤᠬᠤ ᠵᠡᠷᠭᠡ ᠶᠠᠪᠣᠴᠠ ᠪᠠᠷ ᠳᠡᠮᠵᠢᠨ᠂ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠨ ᠪᠤᠰᠤᠳᠢᠳᠡᠭᠡᠨ ᠤ ᠲᠦᠭᠦᠬᠡᠢ ᠮᠠᠲ᠋ᠧᠷᠢᠶᠠᠯ ᠨᠡᠮᠡᠵᠦ ᠪᠣᠯᠬᠤ ᠪᠦᠭᠡᠳ | ᠬᠡᠪᠰᠢᠭᠦᠯᠦᠭᠰᠡᠨ ᠤ ᠳᠠᠷᠠᠭ᠎ᠠ ᠬᠡᠪ ᠲᠤ ᠬᠢᠨ᠎ᠡ᠃ | ᠠᠷᠪᠠᠨ ᠨᠢᠭᠡᠳᠦᠭᠡᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠳᠡᠮᠳᠡᠭ ᠤᠨ ᠪᠦᠲᠦᠭᠡᠭᠳᠡᠬᠦᠨ ᠢ ᠤᠯᠠᠮᠵᠢᠯᠠᠯᠲᠤ ᠰᠢᠯᠢ ᠶᠢᠨ ᠭᠤᠤᠯ ᠴᠠᠭᠠᠨ ᠢᠳᠡᠭᠡᠨ ᠪᠠ | ᠰᠢᠯᠢ ᠶᠢᠨ ᠭᠤᠤᠯ ᠴᠠᠭᠠᠨ ᠢᠳᠡᠭᠡᠨ ᠭᠡᠵᠦ ᠬᠤᠪᠢᠶᠠᠵᠤ᠂ ᠤᠯᠠᠮᠵᠢᠯᠠᠯᠲᠤ ᠰᠢᠯᠢ ᠶᠢᠨ ᠭᠤᠤᠯ ᠴᠠᠭᠠᠨ ᠢᠳᠡᠭᠡᠨ ᠳᠤ | ᠰᠦᠨ ᠬᠤᠷᠤᠳ᠂ ᠴᠣᠷ᠎ᠠ᠂ ᠪᠢᠰᠢᠯᠠᠭ᠂ ᠠᠭᠠᠷᠴᠠ᠂ ᠰᠢᠬᠢᠷᠯᠢᠭ ᠬᠤᠷᠤᠳ᠂ ᠠᠭᠠᠷᠴᠡᠨ ᠬᠤᠷᠤᠳ᠂ ᠲᠦᠳ᠋᠂ | ᠰᠢᠬᠢᠷᠯᠢᠭ ᠪᠢᠰᠢᠯᠠᠭ ᠵᠡᠷᠭᠡ 8 ᠲᠥᠷᠥᠯ ᠤᠨ ᠪᠦᠲᠦᠭᠡᠭᠳᠡᠬᠦᠨ ᠪᠠᠭᠲᠠᠵᠤ᠂ ᠤᠭᠤᠷᠠᠭ ᠤᠨ ᠠᠭᠤᠯᠤᠭᠳᠠᠴᠠ ᠨᠢ | 26% ᠠᠴᠠ ᠳᠡᠭᠡᠭᠰᠢ ᠪᠠᠶᠢᠳᠠᠭ︔ ᠰᠢᠯᠢ ᠶᠢᠨ ᠭᠤᠤᠯ ᠴᠠᠭᠠᠨ ᠢᠳᠡᠭᠡᠨ ᠳᠤ ᠦᠪᠡᠷᠮᠢᠴᠡ ᠠᠮᠲᠠ ᠲᠠᠢ ᠬᠤᠷᠤᠳ᠂ | ᠲᠠᠷᠠᠭ᠂ ᠡᠭᠡᠳᠡᠮ᠂ ᠬᠦᠴᠢᠯᠢᠭ ᠬᠤᠷᠣᠳ᠂ ᠴᠦᠴᠦᠭᠡᠢ᠂ ᠰᠢᠯᠣᠨ ᠬᠤᠷᠣᠳ᠂ ᠲᠦᠳ᠋᠂ ᠴᠣᠺᠣᠯᠠᠳ᠋ ᠠᠭᠤᠯᠣᠭᠰᠠᠨ | ᠬᠤᠷᠣᠳ᠂ ᠰᠢᠷᠠᠭᠰᠠᠨ ᠬᠤᠷᠣᠳ᠂ ᠬᠠᠭᠰᠠᠭᠠᠭᠰᠠᠨ ᠬᠤᠷᠣᠳ᠂ ᠨᠣᠶᠢᠳᠠᠨ ᠬᠤᠷᠣᠳ ᠵᠡᠷᠭᠡ 11 ᠲᠥᠷᠥᠯ ᠤᠨ | ᠪᠦᠲᠦᠭᠡᠭᠳᠡᠬᠦᠨ ᠪᠠᠭᠲᠠᠵᠤ᠂ ᠤᠭᠤᠷᠠᠭ ᠤᠨ ᠠᠭᠤᠯᠤᠭᠳᠠᠴᠠ ᠨᠢ 18% ᠠᠴᠠ ᠳᠡᠭᠡᠭᠰᠢ ᠪᠠᠶᠢᠵᠤ᠂ | ᠪᠦᠲᠦᠭᠡᠭᠳᠡᠬᠦᠨ ᠤ ᠲᠥᠷᠥᠯ ᠵᠦᠢᠯ ᠨᠢ ᠰᠢᠨ᠎ᠡ ᠪᠦᠲᠦᠭᠡᠭᠳᠡᠬᠦᠨ ᠰᠤᠳᠤᠯᠤᠨ ᠡᠭᠦᠳᠬᠦ ᠶᠢ ᠳᠠᠭᠠᠯᠳᠤᠨ ᠲᠠᠰᠤᠷᠠᠯᠲᠠ | ᠥᠬᠡᠶ ᠰᠢᠨᠡᠳᠴᠦ ᠪᠠᠶᠢᠨ᠎ᠠ᠃ ᠰᠢᠯᠢ ᠶᠢᠨ ᠭᠤᠤᠯ ᠴᠠᠭᠠᠨ ᠢᠳᠡᠭᠡᠨ ᠤ ᠭᠠᠵᠠᠷ ᠵᠦᠶ ᠶᠢᠨ ᠢᠯᠡᠷᠬᠡᠶᠢᠯᠡᠯᠳᠣ | ᠲᠠᠸᠠᠷ ᠤᠨ ᠲᠡᠮᠳᠡᠭ ᠤᠨ ᠪᠦᠲᠦᠭᠡᠭᠳᠡᠬᠦᠨ ᠪᠣᠯ ᠤᠭᠤᠷᠠᠭ ᠤᠨ ᠠᠭᠤᠯᠤᠭᠳᠠᠴᠠ ᠨᠢ 26 % ᠠᠴᠠ ᠳᠡᠭᠡᠭᠰᠢᠬᠢ | ᠴᠠᠭᠠᠨ ᠢᠳᠡᠭᠡᠨ ᠤ ᠲᠥᠷᠥᠯ ᠤᠨ ᠪᠦᠲᠦᠭᠡᠭᠳᠡᠬᠦᠨ ᠪᠠᠶᠢᠵᠣ᠂ ᠬᠤᠷᠤᠳ᠂ ᠴᠣᠷ᠎ᠠ᠂ ᠪᠢᠰᠢᠯᠠᠭ᠂ ᠠᠭᠠᠷᠴᠠ ᠵᠡᠷᠭᠡ 4 | ᠵᠦᠢᠯ ᠤᠨ ᠤᠯᠠᠮᠵᠢᠯᠠᠯᠲᠤ ᠪᠦᠲᠦᠭᠡᠭᠳᠡᠬᠦᠨ ᠵᠢᠴᠢ ᠲᠡᠭᠦᠨ ᠠᠴᠠ ᠤᠯᠠᠷᠢᠭᠰᠠᠨ ᠪᠠᠶᠢᠭᠠᠯᠢᠯᠢᠭ ᠪᠦᠲᠦᠭᠡᠭᠳᠡᠬᠦᠨ | ᠪᠠᠭᠲᠠᠨ᠎ᠠ᠃ | ᠭᠤᠷᠪᠠᠳᠤᠭᠠᠷ ᠪᠦᠯᠦᠭ ᠭᠤᠶᠤᠴᠢᠯᠠᠬᠤ | ᠠᠷᠪᠠᠨ ᠬᠤᠶᠠᠳᠤᠭᠠᠷ ᠵᠦᠢᠯ | ︵ᠨᠢᠭᠡ︶ ᠭᠤᠶᠤᠴᠢᠯᠠᠬᠤ ᠭᠤᠤᠯ ᠴᠣᠭᠴᠠ ᠨᠢ ᠬᠠᠤᠯᠢ ᠪᠠᠷ ᠲᠣᠭᠲᠠᠭᠠᠭᠰᠠᠨ ᠳᠠᠩᠰᠠᠯᠠᠭᠤᠯᠤᠭᠰᠠᠨ | ᠲᠠᠸᠠᠷ ᠤᠨ ᠲᠡᠮᠳᠡᠭ ᠲᠠᠢ ᠪᠠᠶᠢᠵᠤ᠂ ᠪᠦᠲᠦᠭᠡᠭᠳᠡᠬᠦᠨ ᠨᠢ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠬᠠᠮᠢᠶ᠎ᠠ | ᠪᠥᠬᠦᠶ ᠲᠣᠭᠲᠠᠭᠠᠯ ᠳᠤ ᠨᠡᠶᠢᠴᠡᠵᠦ᠂ ᠡᠳ᠋ᠰᠢᠭᠦᠯᠬᠦ ᠲᠠᠯᠠᠪᠤᠷ ᠢ ᠰᠢᠯᠢ ᠶᠢᠨ ᠭᠤᠤᠯ ᠠᠶᠢᠮᠠᠭ ᠤᠨ ᠳᠣᠲᠣᠷ᠎ᠠ | ᠪᠠᠶᠢᠭᠤᠯᠵᠤ᠂ ᠦᠢᠯᠡᠳᠪᠦᠷᠢᠯᠡᠬᠦ ᠶᠠᠪᠤᠴᠠ ᠪᠠ ᠪᠦᠲᠦᠭᠡᠭᠳᠡᠬᠦᠨ ᠨᠢ ᠰᠢᠯᠢ ᠶᠢᠨ ᠭᠤᠤᠯ ᠴᠠᠭᠠᠨ ᠢᠳᠡᠭᠡᠨ ᠤ ᠬᠠᠮᠢᠶ᠎ᠠ | ᠪᠥᠬᠦᠶ ᠪᠠᠷᠢᠮᠵᠢᠶᠠᠨ ᠳᠤ ᠨᠡᠶᠢᠴᠡᠭᠰᠡᠨ ᠪᠠᠶᠢᠬᠤ ᠬᠡᠷᠡᠭᠲᠡᠶ᠃ ᠭᠤᠶᠤᠴᠢᠯᠠᠬᠤ ᠭᠤᠣᠯ ᠴᠣᠭᠴᠠ ᠨᠢ ᠵᠢᠵᠢᠭ | ᠦᠢᠯᠡᠳᠬᠡᠯ ᠤᠨ ᠭᠠᠵᠠᠷ ᠪᠠᠶᠢᠪᠠᠯ᠂ ᠪᠦᠲᠦᠭᠡᠭᠳᠡᠬᠦᠨ ᠤ ᠵᠢᠯ ᠤᠨ ᠭᠠᠷᠤᠯᠲᠠ ᠨᠢ 5 ᠲᠣᠨ ᠠᠴᠠ ᠳᠡᠭᠡᠭᠰᠢ ᠪᠠᠶᠢᠵᠤ᠂ | ᠭᠤᠶᠤᠴᠢᠯᠠᠬᠤ ᠭᠤᠣᠯ ᠴᠣᠭᠴᠠ ᠨᠢ ᠠᠵᠤ ᠠᠬᠤᠶᠢᠯᠠᠯ ᠪᠠᠶᠢᠪᠠᠯ᠂ ᠪᠦᠲᠦᠭᠡᠭᠳᠡᠬᠦᠨ ᠤ ᠵᠢᠯ ᠤᠨ ᠭᠠᠷᠤᠯᠲᠠ ᠨᠢ 10 | ᠲᠣᠨ ᠠᠴᠠ ᠳᠡᠭᠡᠭᠰᠢ ᠪᠠᠶᠢᠬᠤ ᠬᠡᠷᠡᠭᠲᠡᠶ᠃ | ︵ᠬᠤᠶᠠᠷ︶ ᠭᠤᠶᠤᠴᠢᠯᠠᠬᠤ ᠭᠤᠤᠯ ᠴᠣᠭᠴᠠ ᠶᠢᠨ ᠲᠦᠭᠦᠬᠡᠶ ᠰᠦ ᠨᠢ ᠰᠢᠯᠢ ᠶᠢᠨ ᠭᠤᠣᠯ ᠠᠶᠢᠮᠠᠭ ᠤᠨ | ᠳᠣᠲᠣᠷᠠᠬᠢ ᠮᠠᠯᠵᠢᠬᠤ ᠡᠷᠦᠬᠡ ᠵᠢᠴᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠶ ᠠᠴᠠ ᠢᠷᠡᠵᠣ᠂ ᠪᠥᠬᠦ ᠵᠢᠯ ᠤᠨ ᠲᠦᠭᠦᠬᠡᠶ ᠰᠦ ᠬᠤᠳᠠᠯᠳᠤᠨ ᠠᠪᠬᠤ ᠳᠤ ᠠᠶᠢᠮᠠᠭ ᠤᠨ | ᠳᠣᠳᠣᠷ᠎ᠠ ᠠᠴᠠ ᠲᠦᠭᠦᠬᠡᠶ ᠰᠦ ᠬᠤᠳᠠᠯᠳᠤᠨ ᠠᠪᠬᠤ ᠬᠡᠮᠵᠢᠶ᠎ᠡ ᠶᠢ 50% ᠠᠴᠠ ᠳᠣᠤᠷ᠎ᠠ ᠪᠠᠶᠢᠯᠭᠠᠵᠤ ᠪᠣᠯᠬᠤ | ᠥᠬᠡᠶ ᠪᠥᠭᠡᠳ ᠬᠤᠳᠠᠯᠳᠤᠨ ᠠᠪᠬᠤ ᠬᠠᠷᠢᠴᠠᠯ ᠢ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ︔ ᠠᠶᠢᠮᠠᠭ ᠤᠨ ᠭᠠᠳᠠᠨ᠎ᠠ | ᠠᠴᠠ ᠲᠦᠭᠦᠬᠡᠶ ᠰᠦ ᠬᠤᠳᠠᠯᠳᠤᠨ ᠠᠪᠬᠤ ᠳᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ | ᠦᠪᠡᠷᠳᠡᠭᠡᠨ ᠰᠠᠭᠠᠭᠰᠠᠨ ᠰᠦ ᠶᠢ ᠬᠤᠳᠠᠯᠳᠤᠨ ᠠᠪᠬᠤ ᠶᠢᠨ ᠬᠠᠮᠲᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ | ᠬᠢᠵᠦ᠂ ᠲᠡᠭᠦᠨ ᠤ ᠥᠭᠡᠬᠦ ᠪᠠ ᠣᠰᠣᠨ ᠠᠴᠠ ᠪᠣᠰᠣᠳ ᠡᠯᠧᠮᠧᠨ᠋ᠲ ᠤᠨ ᠠᠭᠤᠯᠤᠭᠳᠠᠴᠠ ᠶᠢ 12% ᠠᠴᠠ | ᠳᠣᠣᠷ᠎ᠠ ᠪᠠᠶᠢᠯᠭᠠᠵᠤ ᠪᠣᠯᠬᠤ ᠦᠭᠡᠶ᠂ ᠰᠦᠨ ᠤ ᠥᠭᠡᠬᠦ ᠶᠢᠨ ᠨᠣᠷᠮ᠎ᠠ ᠶᠢ 4.2% ᠠᠴᠠ ᠳᠣᠤᠷ᠎ᠠ ᠪᠠᠶᠢᠯᠭᠠᠵᠤ | ᠪᠣᠯᠬᠤ ᠥᠬᠡᠶ᠂ ᠤᠭᠤᠷᠠᠭ ᠤᠨ ᠠᠭᠤᠯᠤᠭᠳᠠᠴᠠ ᠶᠢ 3.2% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ᠭᠤᠶᠤᠴᠢᠯᠠᠭᠰᠠᠨ ᠭᠤᠤᠯ ᠴᠣᠭᠴᠠ ᠶᠢᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠲᠦᠭᠦᠬᠡᠶ ᠰᠦ ᠬᠤᠳᠠᠯᠳᠤᠨ | ᠠᠪᠤᠭᠰᠠᠨ ᠪᠠᠶᠢᠳᠠᠯ ᠵᠢᠴᠢ ᠶᠠᠰᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠠᠷᠭᠤᠭᠤᠯᠬᠤ ᠬᠡᠷᠡᠭᠲᠡᠶ᠃ | ︵ᠭᠤᠷᠪᠠ︶ ᠭᠤᠶᠤᠴᠢᠯᠠᠬᠤ ᠭᠤᠤᠯ ᠴᠣᠭᠴᠠ ᠨᠢ ᠨᠠᠷᠠᠲᠤ ᠳᠡᠮᠳᠡᠭ ᠤᠨ ᠤᠷᠢᠳᠴᠢᠯᠠᠨ ᠡᠷᠬᠡ ᠣᠯᠭᠤᠵᠤ | ᠰᠢᠯᠭᠠᠨ ᠠᠪᠬᠤ ᠶᠢ ᠥᠩᠭᠡᠷᠡᠭᠡᠵᠦ᠂ ᠱᠠᠭᠠᠷᠳᠠᠯᠭ᠎ᠠ ᠶᠣᠰᠣᠭᠠᠷ ᠰᠢᠯᠢ ᠶᠢᠨ ᠭᠤᠤᠯ ᠴᠠᠭᠠᠨ ᠢᠳᠡᠭᠡᠨ ᠤ ᠮᠥᠷᠳᠡᠨ | ᠪᠠᠶᠢᠴᠠᠭᠠᠬᠤ ᠪᠠ ᠬᠠᠭᠤᠷᠮᠠᠭ ᠢ ᠰᠡᠷᠭᠡᠶᠢᠯᠡᠬᠦ ᠰᠢᠰᠲ᠋ᠧᠮ ᠳᠤ ᠣᠷᠣᠵᠤ᠂ ᠦᠢᠯᠡᠳᠪᠦᠷᠢᠯᠡᠯ ᠤᠨ ᠮᠡᠳᠡᠭᠡ ᠵᠠᠩᠭᠢ ᠶᠢ | ᠪᠢᠴᠢᠵᠦ ᠣᠷᠣᠭᠤᠯᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠶ᠃ | ︵ᠳᠥᠷᠪᠡ︶ ᠣᠶᠢᠷ᠎ᠠ ᠶᠢᠨ ᠬᠤᠶᠠᠷ ᠵᠢᠯ ᠤᠨ ᠳᠣᠲᠣᠷ᠎ᠠ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠠᠳᠠᠯ ᠭᠠᠷᠤᠭᠰᠠᠨ ᠥᠬᠡᠶ᠂ ᠵᠠᠯᠭᠠᠪᠠᠷ ᠭᠤᠷᠪᠠᠨ ᠵᠢᠯ ᠪᠤᠶᠤ ᠲᠣᠰ ᠵᠢᠯ ᠳᠤ ᠭᠤᠷᠪᠠᠨ ᠪᠦᠯᠦᠭ | ᠣᠳᠠᠭᠠᠨ ᠤ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠪᠠᠶᠢᠬᠤ᠂ ᠲᠠᠸᠠᠷ ᠤᠨ | ᠲᠡᠮᠳᠡᠭ ᠤᠨ ᠡᠷᠬᠡ ᠳᠤ ᠬᠠᠯᠳᠠᠭᠰᠠᠨ᠂ ᠢᠲᠡᠭᠡᠯ ᠠᠯᠳᠠᠭᠰᠠᠨ ᠵᠢᠴᠢ ᠪᠤᠰᠤᠳ ᠵᠠᠰᠠᠭ ᠵᠠᠬᠢᠷᠭᠠᠨ ᠤ ᠰᠢᠳᠬᠡᠯ | ᠣᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠥᠭᠡᠢ ᠪᠠᠶᠢᠬᠤ᠃ | ︵ᠲᠠᠪᠤ︶ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠲᠠᠢ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠷᠠᠲᠤ ᠳᠡᠮᠳᠡᠭ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ | ᠥᠷᠨᠢᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ | ︵ᠨᠢᠭᠡ︶ ᠭᠤᠶᠤᠴᠢᠯᠠᠬᠤ ᠭᠤᠤᠯ ᠴᠣᠭᠴᠠ ᠶᠢᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠲᠦᠭᠦᠬᠡᠶ | ᠰᠦ᠂ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠯᠳᠦᠭᠦᠯᠵᠦ ᠂ ᠭᠠᠷᠠᠭ ᠪᠦᠷᠢ ᠠᠳᠠᠭ ᠲᠠᠭᠠᠨ | ᠨᠢᠭᠡ ᠤᠳᠠᠭ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠤᠶᠤᠴᠢᠯᠠᠭᠰᠠᠨ ᠭᠤᠤᠯ ᠴᠣᠭᠴᠠ ᠶᠢᠨ | ᠲᠦᠭᠦᠬᠡᠶ ᠰᠦ᠂ ᠪᠦᠲᠦᠭᠡᠭᠳᠡᠬᠦᠨ ᠳᠤ ᠰᠢᠯᠭᠠᠨ ᠪᠠᠶᠢᠴᠠᠭᠠᠯᠳᠠ ᠬᠢᠵᠦ᠂ ᠠᠷᠭ᠎ᠠ ᠮᠠᠶ᠋ᠢᠭ ᠢ ᠲᠦᠷᠭᠡᠨ ᠰᠢᠯᠭᠠᠨ | ᠪᠠᠶᠢᠴᠠᠭᠠᠬᠤ ᠪᠠᠷ ᠭᠤᠤᠯ ᠪᠣᠯᠭᠠᠵᠤ᠂ ᠴᠢᠬᠤᠯᠠ ᠲᠠᠢ ᠦᠶ᠎ᠡ ᠳᠤ ᠲᠣᠭᠲᠠᠭᠰᠠᠨ ᠬᠡᠮᠵᠢᠶᠡᠨ ᠤ ᠰᠢᠯᠭᠠᠨ ᠪᠠᠶᠢᠴᠠᠭᠠᠯᠳᠠ | ᠬᠢᠬᠦ ᠬᠡᠷᠡᠭᠲᠡᠶ᠃ ᠡᠭᠦᠨ ᠳᠤ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ | ᠲᠣᠪᠴᠢᠶᠠᠨ ᠠᠴᠠ ᠲᠦᠭᠦᠬᠡᠶ ᠰᠦ ᠶᠢ ᠰᠢᠯᠭᠠᠨ ᠪᠠᠶᠢᠴᠠᠭᠠᠬᠤ ᠶᠢ ᠬᠠᠷᠢᠭᠤᠴᠠᠵᠤ᠂ ᠭᠤᠤᠯ ᠰᠢᠯᠭᠠᠨ ᠪᠠᠶᠢᠴᠠᠭᠠᠬᠤ | ᠲᠦᠷᠦᠯ ᠵᠦᠢᠯ ᠳᠤ᠄ ᠤᠭᠤᠷᠠᠭ᠂ ᠥᠭᠡᠬᠦ᠂ ᠥᠭᠡᠬᠦ ᠪᠠ ᠣᠰᠣᠨ ᠠᠴᠠ ᠪᠣᠰᠣᠳ ᠡᠯᠧᠮᠧᠨ᠋ᠲ᠂ ᠮᠠᠯ ᠳᠤ ᠬᠡᠷᠡᠭᠯᠡᠬᠦ | ᠪᠠᠺᠲ᠋ᠧᠷᠢ ᠡᠰᠡᠷᠭᠦᠴᠡᠭᠴᠢ ᠡᠳ᠋ ᠪᠠ ᠮᠧᠯᠡᠮᠢᠨ ᠵᠡᠷᠭᠡ 5 ᠲᠦᠷᠦᠯ ᠤᠨ ᠠᠭᠤᠯᠭ᠎ᠠ ᠪᠠᠭᠲᠠᠨ᠎ᠠ᠃ ᠬᠠᠷᠢᠶ᠎ᠠ ᠭᠠᠵᠠᠷ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠠᠴᠠ ᠪᠦᠲᠦᠭᠡᠭᠳᠡᠬᠦᠨ ᠰᠢᠯᠭᠠᠨ ᠪᠠᠶᠢᠴᠠᠭᠠᠬᠤ ᠶᠢ | ᠬᠠᠷᠢᠭᠤᠴᠠᠵᠣ᠂ ᠰᠢᠯᠭᠠᠨ ᠪᠠᠶᠢᠴᠠᠭᠠᠬᠤ ᠲᠦᠷᠦᠯ ᠵᠦᠢᠯ ᠳᠤ᠄ ᠲᠤᠭᠤᠯᠭ᠎ᠠ᠂ ᠤᠰᠤ᠂ ᠤᠭᠤᠷᠠᠭ᠂ ᠥᠭᠡᠬᠦ᠂ | ᠬᠦᠴᠢᠯᠴᠡ᠂ ᠦᠵᠣᠮᠴᠢᠷ ᠪᠥᠮᠪᠥᠭᠡᠨ ᠪᠠᠺᠲ᠋ᠧᠷᠢ᠂ ᠰᠠᠯᠮᠤᠨᠧᠯ ᠪᠠᠺᠲ᠋ᠧᠷᠢ᠂ ᠪᠦᠳᠦᠭᠦᠨ ᠭᠡᠳᠡᠰᠦᠨ ᠤ ᠰᠠᠪᠬᠠᠨᠴᠢᠷ | ᠪᠠᠺᠲ᠋ᠧᠷᠢ ᠪᠠ ᠬᠥᠭᠡᠴᠦ ᠵᠡᠷᠭᠡ 9 ᠵᠦᠢᠯ ᠤᠨ ᠠᠭᠤᠯᠭ᠎ᠠ ᠪᠠᠭᠲᠠᠨ᠎ᠠ᠃ | ︵ᠬᠤᠶᠠᠷ︶ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠬᠦᠢᠲᠡᠨ ᠬᠡᠯᠬᠢᠶᠡᠲᠦ ᠪᠠᠷᠠᠭᠠᠨ ᠬᠦᠢᠯᠭᠡᠭᠡᠨ ᠤ | ᠰᠢᠰᠲ᠋ᠧᠮᠵᠢ ᠶᠢ ᠪᠠᠶᠢᠭᠤᠯᠵᠤ᠂ ᠡᠷᠬᠡ ᠣᠯᠭᠤᠭᠰᠠᠨ ᠭᠤᠤᠯ ᠴᠣᠭᠴᠠ ᠶᠢ ᠬᠠᠪᠰᠤᠷᠤᠨ ᠪᠦᠲᠦᠭᠡᠭᠳᠡᠬᠦᠨ ᠢ ᠠᠶᠢᠮᠠᠭ | ᠤᠨ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠰᠢᠯᠢ ᠶᠢᠨ ᠬᠤᠲᠠ ᠳᠤ ᠪᠠᠶᠢᠭᠤᠯᠤᠭᠰᠠᠨ | ᠰᠢᠯᠢ ᠶᠢᠨ ᠭᠤᠤᠯ ᠴᠠᠭᠠᠨ ᠢᠳᠡᠭᠡᠨ ᠤ ᠪᠦᠲᠦᠭᠡᠭᠳᠡᠬᠦᠨ ᠢ ᠬᠠᠳᠠᠭᠠᠯᠠᠵᠤ ᠲᠡᠭᠡᠭᠡᠪᠦᠷᠢᠯᠡᠬᠦ ᠲᠥᠪ᠂ ᠬᠤᠰᠢᠭᠤ | ᠰᠢᠶᠠᠨ ᠤ ᠬᠤᠪᠢᠶᠠᠷᠢ ᠲᠥᠪ ᠪᠤᠶᠤ ᠬᠥᠬᠡᠬᠤᠲᠠ ᠣᠷᠣᠨ ᠳᠤ ᠲᠡᠭᠡᠭᠡᠪᠦᠷᠢᠯᠡᠨ ᠬᠦᠷᠭᠡᠨ᠎ᠡ᠃ | ᠠᠷᠪᠠᠨ ᠳᠥᠷᠪᠡᠳᠦᠭᠡᠷ ᠵᠦᠢᠯ ᠭᠤᠶᠤᠴᠢᠯᠠᠬᠤ ᠭᠤᠤᠯ ᠴᠣᠭᠴᠠ ᠨᠢ ᠳᠣᠣᠷᠠᠬᠢ ᠮᠡᠲᠦ ᠮᠠᠲ᠋ᠧᠷᠢᠶᠠᠯ ᠢ | ᠬᠠᠩᠭᠠᠬᠤ ᠴᠢᠬᠤᠯᠠᠲᠠᠢ᠄ | ︵ᠨᠢᠭᠡ︶ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠳᠡᠮᠳᠡᠭ ᠪᠠ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠲᠤ ᠡᠷᠬᠡ ᠣᠯᠭᠤᠨ ᠬᠡᠷᠡᠭᠯᠡᠭᠦᠯᠬᠦ | ᠭᠤᠶᠤᠴᠢᠯᠠᠯ ᠤᠨ ᠬᠦᠰᠦᠨᠦᠭᠲᠦ︔ | ︵ᠬᠤᠶᠠᠷ︶ ᠦᠢᠯᠡᠳᠪᠦᠷᠢᠯᠡᠬᠦ ᠠᠵᠤ ᠠᠬᠤᠶᠢᠯᠠᠯ ᠨᠢ ︽ᠡᠵᠡᠩᠨᠡᠯᠲᠡ ᠶᠢᠨ ᠦᠨᠡᠮᠯᠡᠯ︾᠂ ︽ᠢᠳᠡᠭᠡᠨ | ᠦᠢᠯᠡᠳᠪᠦᠷᠢᠯᠡᠵᠦ ᠡᠳ᠋ᠰᠢᠭᠦᠯᠬᠦ ᠵᠥᠪᠰᠢᠶᠡᠷᠡᠯ ᠤᠨ ᠦᠨᠡᠮᠯᠡᠯ︾ ᠬᠠᠩᠭᠠᠵᠤ᠂ ᠵᠢᠵᠢᠭ ᠦᠢᠯᠡᠳᠬᠡᠯ ᠤᠨ ᠭᠠᠵᠠᠷ ᠨᠢ ︽ | ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ ᠤᠨ ᠦᠨᠡᠮᠯᠡᠯ︾ ᠬᠠᠩᠭᠠᠨ᠎ᠠ᠃ | ︵ᠭᠤᠷᠪᠠ︶ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃ | ᠠᠷᠪᠠᠨ ᠲᠠᠪᠤᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠬᠡᠷᠡᠭᠯᠡᠬᠦ ᠪᠠᠷ | ᠭᠤᠶᠤᠴᠢᠯᠠᠬᠤ ᠳᠤ ᠳᠣᠣᠷᠠᠬᠢ ᠮᠡᠲᠦ ᠳᠡᠰ ᠳᠠᠷᠠᠭᠠᠯᠠᠯ ᠢ ᠭᠦᠢᠴᠡᠳᠬᠡᠬᠦ ᠴᠢᠬᠤᠯᠠᠲᠠᠢ᠄ | ︵ᠨᠢᠭᠡ︶ ᠭᠤᠶᠤᠴᠢᠯᠠᠬᠤ ᠭᠤᠤᠯ ᠴᠣᠭᠴᠠ ᠨᠢ ᠪᠠᠶᠢᠩᠭᠤ ᠶᠢᠨ ᠴᠢᠨᠠᠷᠲᠠᠢ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠠᠴᠠ ᠨᠠᠷᠠᠲᠤ ᠳᠡᠮᠳᠡᠭ ᠤᠨ ᠡᠷᠬᠡ ᠣᠯᠭᠤᠬᠤ ᠶᠢ ᠭᠤᠶᠤᠴᠢᠯᠠᠵᠤ᠂ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠬᠤᠷᠢᠶᠠᠩᠭᠤᠶᠢᠯᠠᠭᠰᠠᠨ ᠤ ᠳᠠᠷᠠᠭ᠎ᠠ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠦᠨ᠎ᠡ᠃ | ︵ᠬᠤᠶᠠᠷ︶ ᠬᠠᠮᠲᠤᠷᠠᠭᠰᠠᠨ ᠬᠤᠷᠠᠯ ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠨᠦᠭᠦᠳ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠷᠬᠡ ᠣᠯᠭᠤᠬᠤ ᠪᠠᠷ ᠪᠠᠶᠢᠭ᠎ᠠ ᠨᠡᠷᠡᠰ ᠢ ᠳᠡᠭᠡᠭᠰᠢ ᠠᠶᠢᠮᠠᠭ ᠤᠨ | ᠵᠠᠬᠢᠷᠭ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃ | ︵ᠭᠤᠷᠪᠠ︶ ᠠᠶᠢᠮᠠᠭ ᠤᠨ ᠵᠠᠬᠢᠷᠭ᠎ᠠ ᠠᠴᠠ ᠬᠢᠨᠠᠨ ᠵᠥᠪᠯᠡᠭᠰᠡᠨ ᠤ ᠳᠠᠷᠠᠭ᠎ᠠ ᠡᠷᠬᠡ ᠣᠯᠭᠤᠬᠤ ᠭᠤᠤᠯ | ᠴᠣᠭᠴᠠ ᠶᠢ ᠲᠣᠭᠲᠠᠭᠠᠵᠤ᠂ ᠨᠠᠷᠠᠲᠤ ᠳᠡᠮᠳᠡᠭ ᠤᠨ ᠡᠷᠬᠡ ᠣᠯᠭᠤᠬᠤ ᠠᠵᠢᠯ ᠥᠷᠨᠢᠭᠦᠯᠦᠨ᠎ᠡ᠃ | ︵ᠳᠥᠷᠪᠡ︶ ᠨᠠᠷᠠᠲᠤ ᠳᠡᠮᠳᠡᠭ ᠢ ᠵᠢᠩᠬᠢᠨᠢ ᠪᠠᠷ ᠡᠷᠬᠡ ᠣᠯᠭᠤᠬᠤ ᠠᠴᠠ ᠡᠮᠦᠨ᠎ᠡ᠂ 3 ᠰᠠᠷ᠎ᠠ ᠶᠢᠨ | ᠤᠷᠢᠳᠴᠢᠯᠠᠨ ᠡᠷᠬᠡ ᠣᠯᠭᠤᠬᠤ ᠬᠤᠭᠤᠴᠠᠭ᠎ᠠ ᠳᠣᠭᠢᠷᠠᠭᠤᠯᠵᠤ᠂ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ | ᠬᠠᠮᠲᠤᠷᠠᠭᠰᠠᠨ ᠬᠤᠷᠠᠯ ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠠᠴᠠ ᠤᠷᠢᠳᠴᠢᠯᠠᠨ ᠡᠷᠬᠡ ᠣᠯᠭᠤᠭᠰᠠᠨ | ᠭᠤᠤᠯ ᠴᠣᠭᠴᠠ ᠶᠢ ᠰᠢᠯᠭᠠᠨ ᠦᠨᠡᠯᠡᠵᠣ᠂ ᠰᠢᠯᠭᠠᠨ ᠦᠨᠡᠯᠡᠬᠦ ᠳᠤ ᠬᠢᠷᠢ ᠲᠡᠩᠴᠡᠭᠰᠡᠨ ᠢ ᠨᠢ ᠨᠡᠶᠢᠳᠡ ᠳᠤ ᠵᠠᠷᠯᠠᠨ᠎ᠠ︔ | ᠰᠢᠯᠭᠠᠨ ᠦᠨᠡᠯᠡᠬᠦ ᠳᠤ ᠬᠢᠷᠢ ᠲᠡᠩᠴᠡᠭᠰᠡᠨ ᠥᠬᠡᠶ ᠪᠠᠶᠢᠪᠠᠯ 3 ᠰᠠᠷ᠎ᠠ ᠶᠢᠨ ᠴᠡᠭᠴᠡᠯᠡᠨ ᠰᠠᠶᠢᠵᠢᠷᠠᠭᠤᠯᠬᠤ | ᠬᠤᠭᠤᠴᠠᠭ᠎ᠠ ᠣᠯᠭᠤᠨ᠎ᠠ᠃ | ︵ᠲᠠᠪᠤ︶ ᠨᠡᠶᠢᠲᠡ ᠳᠤ ᠵᠠᠷᠯᠠᠬᠤ ᠳᠤ ᠤᠨᠳᠤᠤ ᠰᠠᠨᠠᠯ ᠥᠬᠡᠶ ᠪᠣᠯ ᠠᠶᠢᠮᠠᠭ ᠤᠨ ᠨᠡᠷ᠎ᠡ ᠳᠡᠮᠳᠡᠭᠳᠣ ᠶᠢᠨ | ᠪᠠᠶᠢᠭᠤᠯᠣᠯᠳᠠ ᠶᠢ ᠠᠬᠢᠭᠤᠯᠬᠤ ᠲᠦᠪ᠂ ᠨᠡᠶᠢᠭᠡᠮᠯᠢᠭ ᠨᠢ ᠡᠷᠬᠡ ᠣᠯᠭᠤᠭᠰᠠᠨ ᠭᠤᠤᠯ ᠴᠣᠭᠴᠠ ᠯᠤᠭ᠎ᠠ ︽ | ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠪᠠ | ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠲᠤ ᠡᠷᠬᠡ ᠣᠯᠭᠤᠵᠤ ᠵᠥᠪᠰᠢᠶᠡᠷᠡᠨ ᠬᠡᠷᠡᠭᠯᠡᠬᠦ ᠬᠡᠯᠡᠯᠴᠡᠭᠡᠷ︾ | ︵ᠳᠣᠷᠣᠭᠰᠢ ︽ᠡᠷᠬᠡ ᠣᠯᠭᠤᠵᠤ ᠵᠥᠪᠰᠢᠶᠡᠷᠡᠨ ᠬᠡᠷᠡᠭᠯᠡᠬᠦ ᠬᠡᠯᠡᠯᠴᠡᠭᠡᠷ︾ ᠭᠡᠵᠦ ᠲᠣᠪᠴᠢᠯᠠᠨ᠎ᠠ︶ ᠲᠣᠭᠲᠠᠵᠤ᠂ ︽ | ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠪᠠ | ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠬᠡᠷᠡᠭᠯᠡᠬᠦ ᠦᠨᠡᠮᠯᠡᠯ︾ ︵ᠳᠣᠷᠣᠭᠰᠢ ︽ᠨᠠᠷᠠᠲᠤ ᠲᠡᠮᠳᠡᠭ | ᠬᠡᠷᠡᠭᠯᠡᠬᠦ ᠦᠨᠡᠮᠯᠡᠯ︾ ᠭᠡᠵᠦ ᠲᠣᠪᠴᠢᠯᠠᠨ᠎ᠠ︶ ᠪᠠ ᠢᠷᠠᠭᠤ ᠠᠯᠳᠠᠷ ᠤᠨ ᠫᠠᠶᠢᠰᠠ ᠢᠯᠡᠷᠬᠡᠶᠢᠯᠡᠯ ᠣᠯᠭᠤᠨ᠎ᠠ᠃ | ᠠᠶᠢᠮᠠᠭ ᠤᠨ ᠨᠡᠶᠢᠭᠡᠮᠯᠢᠭ ᠨᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ | ᠬᠢᠨᠠᠨ ᠵᠥᠪᠰᠢᠶᠡᠷᠡᠵᠦ ᠳᠠᠩᠰᠠᠯᠠᠭᠤᠯᠬᠤ ᠱᠠᠭᠠᠷᠳᠠᠯᠭ᠎ᠠ ᠶᠣᠰᠣᠭᠠᠷ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶᠠᠨ ᠳᠤ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠢ ᠬᠡᠷᠡᠭᠯᠡᠬᠦ | ᠵᠥᠪᠰᠢᠶᠡᠷᠡᠯ ᠤᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠵᠤ ᠳᠠᠩᠰᠠᠯᠠᠭᠤᠯᠣᠨ᠎ᠠ᠃ | ᠠᠷᠪᠠᠨ ᠵᠢᠷᠭᠤᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠲᠤ ᠡᠷᠬᠡ | ᠣᠯᠭᠤᠬᠤ ᠬᠡᠪᠴᠢᠶᠡᠨ ᠳᠤ᠄ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠵᠢᠵᠢᠭ ᠦᠢᠯᠡᠳᠬᠡᠯ ᠤᠨ | ᠭᠠᠵᠠᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ | ᠵᠢᠴᠢ ᠰᠣᠶᠣᠯ᠂ ᠵᠢᠭᠤᠯᠴᠢᠯᠠᠯ ᠵᠡᠷᠭᠡ ᠠᠯᠪᠠᠨ ᠤ ᠲᠠᠯ᠎ᠠ ᠶᠢᠨ ᠤᠬᠠᠭᠤᠯᠭ᠎ᠠ᠂ ᠨᠠᠷᠠᠲᠤ ᠳᠡᠮᠳᠡᠭ ᠢ ᠰᠣᠷᠳᠠᠯᠴᠢᠯᠠᠨ | ᠳᠡᠯᠭᠡᠷᠡᠭᠦᠯᠬᠦ ᠠᠵᠢᠯᠯᠠᠭ᠎ᠠ ᠪᠠᠭᠲᠠᠨ᠎ᠠ᠃ | ᠳᠥᠷᠪᠡᠳᠦᠭᠡᠷ ᠪᠦᠯᠦᠭ ᠬᠡᠷᠡᠭᠯᠡᠬᠦ | ᠠᠷᠪᠠᠨ ᠳᠣᠯᠣᠳᠤᠭᠠᠷ ᠵᠦᠢᠯ ᠡᠷᠬᠡ ᠣᠯᠭᠤᠭᠰᠠᠨ ᠭᠤᠣᠯ ᠴᠣᠭᠴᠠ ᠨᠢ ᠳᠣᠣᠷᠠᠬᠢ ᠮᠡᠲᠦ ᠡᠷᠬᠡ ᠲᠠᠢ᠄ | ︵ᠨᠢᠭᠡ︶ ᠡᠷᠬᠡ ᠣᠯᠭᠤᠭᠰᠠᠨ ᠪᠦᠲᠦᠭᠡᠭᠳᠡᠬᠦᠨ ᠤ ᠪᠣᠭᠤᠳᠠᠯ ᠳᠡᠭᠡᠷ᠎ᠡ ᠰᠢᠯᠢ ᠶᠢᠨ ᠭᠤᠤᠯ ᠴᠠᠭᠠᠨ ᠢᠳᠡᠭᠡᠨ | ᠤ ᠨᠠᠷᠠᠲᠤ ᠲᠡᠮᠳᠡᠭ ᠢ ᠬᠡᠷᠡᠭᠯᠡᠬᠦ᠃ | ︵ᠬᠤᠶᠠᠷ︶ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠲᠡᠮᠳᠡᠭ ᠢ ᠬᠡᠷᠡᠭᠯᠡᠨ ᠤᠬᠠᠭᠤᠯᠬᠤ᠂ ᠳᠡᠯᠭᠡᠨ | ᠪᠣᠷᠣᠯᠠᠭᠤᠯᠬᠤ᠂ ᠳᠡᠯᠭᠡᠨ ᠦᠵᠡᠭᠦᠯᠬᠦ᠃ | ︵ᠭᠤᠷᠪᠠ︶ ᠮᠦᠷᠳᠡᠨ ᠨᠡᠬᠡᠮᠵᠢᠯᠡᠬᠦ ᠲᠥᠬᠦᠭᠡᠷᠦᠮᠵᠢ᠂ ᠡᠭᠦᠳᠡᠨ ᠫᠠᠶᠢᠰᠠ ᠢᠯᠡᠷᠬᠡᠶᠢᠯᠡᠯ᠂ ᠪᠦᠲᠦᠭᠡᠭᠳᠡᠬᠦᠨ ᠤ | ᠭᠠᠳᠠᠷ ᠪᠣᠭᠤᠳᠠᠯ ︵ᠵᠢᠵᠢᠭ ᠦᠢᠯᠡᠳᠬᠡᠯ ᠤᠨ ᠭᠠᠵᠠᠷ︶ ᠵᠡᠷᠭᠡ ᠨᠥᠬᠦᠪᠥᠷᠢ ᠵᠢᠴᠢ ᠲᠥᠷᠥᠯ ᠵᠦᠢᠯ᠂ ᠪᠠᠯᠠ ᠮᠥᠩᠭᠦ | ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃ | ︵ᠳᠥᠷᠪᠡ︶ ᠨᠠᠷᠠᠲᠤ ᠳᠡᠮᠳᠡᠭ ᠤᠨ ᠡᠵᠡᠩᠨᠡᠯᠲᠡ ᠬᠠᠮᠢᠶᠠᠷᠤᠯᠲᠠ ᠳᠤ ᠰᠠᠨᠠᠭᠤᠯᠭ᠎ᠠ ᠪᠤᠶᠤ ᠰᠠᠨᠠᠯ ᠳᠤᠷᠠᠳᠬᠤ᠃ | ᠠᠷᠪᠠᠨ ᠨᠠᠢᠮᠠᠳᠤᠭᠠᠷ ᠵᠦᠢᠯ ᠡᠷᠬᠡ ᠣᠯᠭᠤᠭᠰᠠᠨ ᠪᠡᠶᠡᠴᠢ ᠴᠣᠭᠴᠠ ᠨᠢ ᠳᠣᠣᠷᠠᠬᠢ ᠡᠭᠦᠷᠭᠡ ᠨᠦᠭᠦᠳ ᠢ | ᠭᠦᠢᠴᠡᠳᠬᠡᠬᠦ ᠴᠢᠬᠤᠯᠠᠲᠠᠢ᠄ | ︵ᠨᠢᠭᠡ︶ ᠰᠢᠯᠢ ᠶᠢᠨ ᠭᠤᠤᠯ ᠴᠠᠭᠠᠨ ᠢᠳᠡᠭᠡᠨ ᠤ ᠪᠦᠲᠦᠭᠡᠭᠳᠡᠬᠦᠨ ᠢ ᠮᠦᠷᠳᠡᠨ ᠨᠡᠬᠡᠮᠵᠢᠯᠡᠬᠦ ᠰᠢᠰᠲ᠋ᠧᠮ ᠳᠤ | ᠣᠷᠣᠵᠤ᠂ ᠲᠦᠭᠦᠬᠡᠶ ᠰᠦ ᠶᠢ ᠦᠢᠯᠡᠳᠪᠦᠷᠢ ᠳᠤ ᠣᠷᠣᠭᠤᠯᠬᠤ᠂ ᠪᠦᠲᠦᠭᠡᠭᠳᠡᠬᠦᠨ ᠢ ᠦᠢᠯᠡᠳᠪᠦᠷᠢᠯᠡᠬᠦ ᠵᠡᠷᠭᠡ | ᠮᠡᠳᠡᠭᠡ ᠵᠠᠩᠭᠢ ᠶᠢ ᠪᠢᠴᠢᠵᠦ ᠣᠷᠣᠭᠤᠯᠬᠤ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠵᠦ᠂ ᠪᠣᠶ ᠪᠥᠬᠦᠶ ᠨᠠᠷᠠᠲᠤ | ᠳᠡᠮᠳᠡᠭ ᠤᠨ ᠪᠦᠲᠦᠭᠡᠭᠳᠡᠬᠦᠨ ᠳᠤ ᠡᠷᠬᠡᠪᠰᠢ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠮᠦᠷᠳᠡᠨ | ᠨᠡᠬᠡᠮᠵᠢᠯᠡᠬᠦ ᠬᠤᠶᠠᠷ ᠬᠡᠮᠵᠢᠯᠳᠦ ᠺᠣᠳ᠋ ᠤᠨ ᠲᠡᠮᠳᠡᠭ ᠢ ᠨᠠᠭᠠᠬᠤ ᠬᠡᠷᠡᠭᠲᠡᠶ᠃ | ︵ᠬᠤᠶᠠᠷ︶ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠶᠢ ᠰᠣᠯᠢᠬᠤ᠂ ᠳᠡᠯᠭᠡᠭᠦᠷ ᠢ ᠲᠠᠰ ᠳᠡᠪᠰᠢᠭᠦᠯᠬᠦ᠂ | ᠤᠬᠠᠭᠤᠯᠤᠨ ᠲᠠᠨᠢᠯᠴᠠᠭᠤᠯᠬᠤ᠂ ᠠᠷᠭ᠎ᠠ ᠵᠠᠮ ᠰᠦᠪᠡᠭᠴᠢᠯᠡᠬᠦ ᠵᠡᠷᠭᠡ ᠠᠵᠢᠯ ᠢ ᠥᠷᠨᠢᠭᠦᠯᠵᠦ᠂ ᠪᠦᠲᠦᠭᠡᠭᠳᠡᠬᠦᠨ ᠤ | ᠪᠣᠭᠤᠳᠠᠯ ᠪᠠᠭᠯᠠᠭ᠎ᠠ ᠨᠢ ᠡᠷᠬᠡᠪᠰᠢ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠬᠡᠷᠡᠭᠯᠡᠯᠲᠡ ᠶᠢᠨ | ᠵᠢᠷᠤᠮᠵᠢᠯ ᠳᠤ ᠨᠡᠶᠢᠴᠡᠵᠦ᠂ ᠨᠠᠷᠠᠲᠤ ᠳᠡᠮᠳᠡᠭ ᠤᠨ LOGO ᠶᠢ ᠳᠣᠪᠤᠶᠢᠯᠭᠠᠵᠤ᠂ ᠵᠢᠷᠤᠵᠤ ᠲᠥᠯᠥᠪᠯᠡᠭᠰᠡᠨ | ᠪᠣᠭᠤᠳᠠᠯ ᠪᠠᠭᠯᠠᠭ᠎ᠠ ᠶᠢᠨ ᠥᠯᠢᠭᠡᠷ ᠵᠢᠷᠤᠭ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠨᠠᠷᠠᠲᠤ ᠳᠡᠮᠳᠡᠭ ᠤᠨ ᠲᠥᠪ᠂ ᠨᠡᠶᠢᠭᠡᠮᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ | ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠳᠠᠷᠤᠮᠠᠯᠯᠠᠵᠤ ᠪᠣᠯᠤᠨ᠎ᠠ᠃ | ︵ᠭᠤᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠦᠲᠦᠭᠡᠭᠳᠡᠬᠦᠨ ᠤ ᠶᠠᠰᠤ ᠴᠢᠨᠠᠷ᠂ | ᠲᠡᠮᠳᠡᠭ ᠤᠨ ᠬᠡᠷᠡᠭᠯᠡᠯᠲᠡ᠂ ᠪᠣᠷᠣᠯᠠᠭᠤᠯᠭ᠎ᠠ ᠶᠢᠨ ᠵᠠᠮ ᠮᠥᠷ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠤᠨ᠂ ᠬᠠᠮᠢᠶ᠎ᠠ | ᠪᠥᠬᠦᠶ ᠮᠡᠳᠡᠭᠡ ᠵᠠᠩᠭᠢ ᠶᠢ ᠬᠠᠷᠢᠭᠤ ᠲᠤᠰᠬᠠᠬᠤ ᠠᠵᠢᠯ ᠢᠶᠠᠨ ᠰᠠᠶᠢᠲᠤᠷ ᠬᠢᠵᠦ᠂ ᠰᠢᠯᠢ ᠶᠢᠨ ᠭᠤᠤᠯ ᠴᠠᠭᠠᠨ | ᠢᠳᠡᠭᠡᠨ ᠤ ᠨᠠᠷᠠᠲᠤ ᠳᠡᠮᠳᠡᠭ ᠤᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠶ᠃ | ︵ᠲᠥᠷᠪᠡ︶ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ ᠲᠦᠭᠦᠬᠡᠶ ᠰᠦ ᠶᠢ ᠪᠠᠶᠢᠴᠠᠭᠠᠨ ᠰᠢᠯᠭᠠᠭᠰᠠᠨ | ᠮᠡᠳᠡᠭᠦᠯᠦᠯᠲᠡ ᠵᠢᠴᠢ ᠡᠷᠬᠡ ᠣᠯᠭᠤᠭᠰᠠᠨ ᠪᠦᠲᠦᠭᠡᠭᠳᠡᠬᠦᠨ ᠤ ᠶᠠᠰᠤ ᠴᠢᠨᠠᠷ ᠢ ᠰᠤᠭᠤᠴᠢᠨ ᠪᠠᠶᠢᠴᠠᠭᠠᠭᠰᠠᠨ | ᠮᠡᠳᠡᠭᠦᠯᠦᠯᠲᠡ ᠶᠢ ᠬᠠᠩᠭᠠᠬᠤ ᠬᠡᠷᠡᠭᠲᠡᠢ᠃ | ︵ᠲᠠᠪᠤ︶ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠢ ᠬᠡᠷᠡᠭᠯᠡᠭᠰᠡᠨ ᠪᠠᠶᠢᠪᠠᠯ᠂ ᠭᠠᠵᠠᠷ | ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠬᠡᠷᠡᠭᠯᠡᠭᠰᠡᠨ ᠬᠠᠮᠢᠶᠠᠷᠤᠯᠲᠠ ᠶᠢᠨ ᠰᠦᠢᠳᠬᠡᠯ ᠢ ᠲᠣᠭᠲᠠᠭᠠᠯ | ᠶᠣᠰᠣᠭᠠᠷ ᠲᠤᠰᠢᠶᠠᠬᠤ ᠬᠡᠷᠡᠭᠲᠡᠢ᠃ | ︵ᠵᠢᠷᠭᠤᠭ᠎ᠠ︶ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠲᠠᠢ ᠢᠳᠡᠪᠬᠢᠲᠡᠢ ᠬᠠᠮᠵᠢᠯᠴᠠᠨ ᠨᠠᠷᠠᠲᠤ | ᠳᠡᠮᠳᠡᠭ ᠤᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠡᠷᠬᠡ ᠣᠯᠭᠤᠭᠰᠠᠨ ᠪᠡᠶᠡᠴᠢ ᠴᠣᠭᠴᠠ ᠨᠢ ᠳᠣᠣᠷᠠᠬᠢ ᠳᠦᠷᠢᠮ ᠤᠳ ᠢ | ᠵᠢᠷᠤᠮᠯᠠᠬᠤ ᠴᠢᠬᠤᠯᠠᠲᠠᠢ᠄ | ︵ᠨᠢᠭᠡ︶ ᠡᠷᠬᠡ ᠣᠯᠭᠤᠭᠰᠠᠨ ᠭᠤᠤᠯ ᠴᠣᠭᠴᠠ ᠶᠢᠨ ᠪᠦᠲᠦᠭᠡᠭᠳᠡᠬᠦᠨ ᠳᠤ ᠰᠢᠯᠢ ᠶᠢᠨ ᠭᠤᠤᠯ ᠴᠠᠭᠠᠨ | ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠪᠠ ᠭᠠᠵᠠᠷ ᠵᠦᠶ ᠶᠢᠨ | ᠢᠯᠡᠷᠬᠡᠶᠢᠯᠡᠯᠳᠣ ᠲᠠᠸᠠᠷ ᠤᠨ ᠲᠡᠮᠳᠡᠭ ᠢ ᠬᠡᠷᠡᠭᠯᠡᠵᠦ ᠪᠣᠯᠤᠨ᠎ᠠ᠂ ᠡᠭᠦᠨ ᠳᠤ ᠠᠶᠢᠮᠠᠭ ᠤᠨ ᠳᠣᠲᠣᠷᠠᠬᠢ ᠰᠦ ᠪᠠᠷ | ᠦᠢᠯᠡᠳᠦᠭᠰᠡᠨ ᠬᠤᠷᠤᠳ᠂ ᠴᠣᠷ᠎ᠠ᠂ ᠪᠢᠰᠢᠯᠠᠭ᠂ ᠠᠭᠠᠷᠴᠠ ᠵᠢᠴᠢ ᠲᠡᠭᠦᠨ ᠠᠴᠠ ᠤᠯᠠᠷᠢᠭᠰᠠᠨ ᠪᠠᠶᠢᠭᠠᠯᠢᠯᠢᠭ | ᠪᠦᠲᠦᠭᠡᠭᠳᠡᠬᠦᠨ ᠳᠤ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠪᠠ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠳᠡᠮᠳᠡᠭ ᠢ ᠬᠡᠷᠡᠭᠯᠡᠵᠦ ᠪᠣᠯᠤᠨ᠎ᠠ︔ ᠪᠤᠰᠤᠳ ᠴᠠᠭᠠᠨ ᠢᠳᠡᠭᠡᠨ ᠤ ᠪᠦᠲᠦᠭᠡᠭᠳᠡᠬᠦᠨ ᠳᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠬᠡᠷᠡᠭᠯᠡᠬᠦ ᠶᠢᠨ ᠬᠠᠮᠲᠤ ᠪᠦᠲᠦᠭᠡᠭᠳᠡᠬᠦᠨ ᠤ | ᠲᠥᠷᠥᠯ ᠵᠦᠢᠯ ᠢ ᠦᠨᠳᠦᠰᠦᠯᠡᠨ ᠭᠠᠳᠠᠷ ᠪᠣᠭᠤᠳᠠᠯ ᠳᠡᠭᠡᠷ᠎ᠡ ︽ᠰᠢᠯᠢ ᠶᠢᠨ ᠭᠤᠤᠯ ᠴᠠᠭᠠᠨ ᠢᠳᠡᠭᠡᠨ ︵ | ᠣᠯᠠᠮᠵᠢᠯᠠᠯᠳᠣ︶︾ ᠪᠠ ︽ᠰᠢᠯᠢ ᠶᠢᠨ ᠭᠤᠤᠯ ᠴᠠᠭᠠᠨ ᠢᠳᠡᠭᠡᠨ︾ ᠭᠡᠰᠡᠨ ᠥᠰᠥᠭ ᠢ ᠪᠢᠴᠢᠭᠰᠡᠨ ᠪᠠᠶᠢᠬᠤ | ᠬᠡᠷᠡᠭᠲᠠᠢ᠃ | ︵ᠬᠤᠶᠠᠷ︶ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠪᠤᠰᠤᠳ ᠲᠤ ᠰᠢᠯᠵᠢᠭᠦᠯᠬᠦ᠂ | ᠬᠤᠳᠠᠯᠳᠤᠬᠤ᠂ ᠵᠢᠭᠡᠯᠡᠭᠦᠯᠬᠦ᠂ ᠪᠡᠯᠡᠭᠯᠡᠵᠦ ᠪᠣᠯᠬᠤ ᠥᠬᠡᠶ᠃ | ᠬᠤᠷᠢᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠬᠡᠷᠡᠭᠯᠡᠬᠦ ᠪᠠᠷ | ᠭᠤᠶᠤᠴᠢᠯᠠᠭᠰᠠᠨ ᠳᠡᠯᠭᠡᠭᠦᠷ ︵ᠡᠯ᠎ᠡ ᠱᠠᠲᠤᠨ ᠠᠴᠠ ᠡᠷᠬᠡ ᠣᠯᠭᠤᠭᠰᠠᠨ ᠪᠠᠭᠲᠠᠨ᠎ᠠ︶ ᠤᠨ ᠨᠡᠷᠡᠶᠢᠳᠦᠯ ᠢ ᠡᠷᠬᠡᠪᠰᠢ | ᠴᠢᠩᠭ᠎ᠠ ᠵᠢᠷᠤᠮᠵᠢᠭᠤᠯᠵᠤ᠂ ᠳᠡᠯᠭᠡᠭᠦᠷ ᠨᠢ ᠨᠢᠭᠡᠳᠦᠯᠲᠡᠶ ᠤᠬᠠᠭᠤᠯᠭ᠎ᠠ ᠰᠣᠷᠳᠠᠯᠴᠢᠯᠠᠭ᠎ᠠ ᠪᠠ ᠫᠠᠶᠢᠰᠠ ᠢᠯᠡᠷᠭᠡᠶᠢᠯᠡᠯ | ᠡᠯᠭᠦᠵᠦ᠂ ᠪᠣᠷᠣᠯᠠᠭᠤᠯᠬᠤ ᠪᠦᠲᠦᠭᠡᠭᠳᠡᠬᠦᠨ ᠨᠢ ᠡᠷᠬᠡᠪᠰᠢ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ | ᠤᠨ ᠪᠦᠲᠦᠭᠡᠭᠳᠡᠬᠦᠨ ᠪᠠᠶᠢᠬᠤ ᠬᠡᠷᠡᠭᠲᠡᠶ᠃ ᠲᠤᠰᠬᠠᠶ ᠡᠵᠡᠩᠨᠡᠯᠲᠡ ᠶᠢᠨ ᠳᠡᠯᠭᠡᠭᠦᠷ ︵ᠲᠤᠰᠬᠠᠶ ᠬᠤᠳᠠᠯᠳᠤᠬᠤ | ᠳᠡᠯᠭᠡᠭᠦᠷ︶ ᠡᠷᠬᠢᠯᠡᠬᠦ ᠳᠤ ᠡᠷᠬᠡᠪᠰᠢ ᠨᠠᠷᠠᠲᠤ ᠳᠡᠮᠳᠡᠭ ᠤᠨ ᠲᠥᠪ ᠵᠢᠴᠢ ᠨᠡᠶᠢᠭᠡᠮᠯᠢᠭ ᠲᠤ ᠭᠤᠶᠤᠴᠢᠯᠠᠨ | ᠳᠠᠩᠰᠠᠯᠠᠭᠤᠯᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠬᠡᠷᠡᠭᠯᠡᠬᠦ ᠪᠠᠷ | ᠭᠤᠶᠤᠴᠢᠯᠠᠭᠰᠠᠨ ᠡᠯᠧᠺᠲᠷᠣᠨ ᠬᠤᠳᠠᠯᠳᠣᠭᠠᠨ ︵ᠡᠯ᠎ᠡ ᠱᠠᠲᠤᠨ ᠠᠴᠠ ᠡᠷᠬᠡ ᠣᠯᠭᠤᠭᠰᠠᠨ ᠪᠠᠭᠲᠠᠨ᠎ᠠ︶ ᠤ | ᠨᠡᠷᠡᠶᠢᠳᠦᠯ ᠢ ᠡᠷᠬᠡᠪᠰᠢ ᠴᠢᠩᠭ᠎ᠠ ᠵᠢᠷᠤᠮᠵᠢᠭᠤᠯᠵᠤ᠂ ᠨᠠᠷᠠᠲᠤ ᠳᠡᠮᠳᠡᠭ ᠤᠨ ᠨᠢᠭᠡᠳᠦᠯᠲᠡᠶ ᠲᠡᠮᠳᠡᠭ ᠶᠣᠰᠣᠭᠠᠷ | ᠳᠡᠯᠭᠡᠭᠦᠷ ᠤᠨ ᠵᠢᠷᠤᠭ ᠲᠥᠯᠥᠪᠯᠡᠭᠡ ᠬᠢᠵᠦ᠂ ᠳᠠᠮᠵᠢᠭᠤᠯᠤᠨ ᠪᠣᠷᠣᠯᠠᠭᠤᠯᠬᠤ ᠪᠦᠲᠦᠭᠡᠭᠳᠡᠬᠦᠨ ᠨᠢ ᠡᠷᠬᠡᠪᠰᠢ | ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠪᠦᠲᠦᠭᠡᠭᠳᠡᠬᠦᠨ ᠪᠠᠶᠢᠬᠤ ᠬᠡᠷᠡᠭᠲᠡᠶ᠃ ᠬᠤᠰᠢᠭᠤᠴᠢ | ᠳᠡᠯᠭᠡᠭᠦᠷ ︵ᠰᠦ᠋ᠯᠵᠢᠶᠡᠨ ᠳᠡᠯᠭᠡᠭᠦᠷ︶ ᠢ ᠪᠠᠶᠢᠭᠤᠯᠬᠤ ᠳᠤ ᠡᠷᠬᠡᠪᠰᠢ ᠨᠡᠷᠡᠲᠦ ᠳᠡᠮᠳᠡᠭ ᠤᠨ ᠲᠥᠪ ᠵᠢᠴᠢ | ᠨᠡᠶᠢᠭᠡᠮᠯᠢᠭ ᠲᠤ ᠭᠤᠶᠤᠴᠢᠯᠠᠨ ᠳᠠᠩᠰᠠᠯᠠᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ | ᠨᠡᠶᠢᠭᠡᠮ ᠤᠨ ᠪᠦᠯᠬᠦᠮ ᠵᠢᠴᠢ ᠰᠣᠶᠣᠯ᠂ ᠵᠢᠭᠤᠯᠴᠢᠯᠠᠯ᠂ ᠢᠳᠡᠭᠡᠨ ᠤᠮᠳᠠᠭᠠᠨ᠂ ᠡᠳ᠋ ᠪᠠᠷᠠᠭᠠᠨ ᠤ ᠭᠦᠢᠯᠭᠡᠭᠡ᠂ | ᠪᠣᠷᠣᠯᠠᠭᠤᠯᠭ᠎ᠠ ᠵᠡᠷᠭᠡ ᠦᠢᠯᠡᠴᠢᠯᠡᠭᠡᠨ ᠤ ᠬᠡᠯᠪᠡᠷᠢ ᠶᠢᠨ ᠭᠤᠤᠯ ᠴᠣᠭᠴᠠ ᠪᠤᠶᠤ ᠬᠤᠪᠢ ᠬᠥᠮᠦᠨ᠂ ᠰᠢᠯᠢ ᠶᠢᠨ | ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠬᠡᠷᠡᠭᠯᠡᠨ ᠤᠬᠠᠭᠤᠯᠬᠤ᠂ ᠳᠡᠯᠭᠡᠷᠡᠭᠦᠯᠬᠦ᠂ ᠡᠯᠰᠡᠨ ᠴᠤᠭᠯᠠᠭᠤᠯᠬᠤ᠂ | ᠤᠷᠤᠯᠳᠤᠭᠠᠨ ᠬᠢᠬᠦ᠂ ᠪᠣᠶᠠᠨ ᠤ ᠦᠢᠯᠡ ᠬᠢᠬᠦ᠂ ᠬᠤᠳᠠᠯᠳᠤᠭ᠎ᠠ ᠵᠡᠷᠭᠡ ᠠᠵᠢᠯᠯᠠᠭ᠎ᠠ ᠬᠢᠬᠦ ᠳᠤ᠂ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠪᠠᠶᠢᠳᠠᠯ ᠢ ᠨᠢ ᠦᠵᠡᠵᠦ ᠪᠠᠶᠢᠭᠠᠳ ᠨᠠᠷᠠᠲᠤ ᠳᠡᠮᠳᠡᠭ ᠤᠨ ᠲᠥᠪ ᠵᠢᠴᠢ | ᠨᠡᠶᠢᠭᠡᠮᠯᠢᠭ ᠲᠤ ᠭᠤᠶᠤᠴᠢᠯᠠᠨ ᠳᠠᠩᠰᠠᠯᠠᠭᠤᠯᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ | ᠭᠤᠶᠤᠴᠢᠯᠠᠨ ᠳᠠᠩᠰᠠᠯᠠᠭᠤᠯᠤᠭᠰᠠᠨ ᠥᠬᠡᠶ ᠪᠣᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ | ᠳᠤᠷ᠎ᠠ ᠪᠠᠷ ᠢᠶᠠᠨ ᠬᠡᠷᠡᠭᠯᠡᠵᠦ ᠪᠣᠯᠬᠤ ᠥᠬᠡᠶ᠃ | ᠲᠠᠪᠤᠳᠤᠭᠠᠷ ᠪᠦᠯᠦᠭ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠨᠠᠷᠠᠲᠤ ᠳᠡᠮᠳᠡᠭ ᠤᠨ ᠡᠷᠬᠡ ᠣᠯᠭᠤᠬᠤ ᠳᠤ ᠣᠨ ᠤ ᠪᠠᠶᠢᠴᠠᠭᠠᠯᠲᠠ ᠶᠢᠨ | ᠲᠦᠷᠢᠮ ᠬᠡᠷᠡᠭᠵᠢᠭᠦᠯᠵᠦ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠡᠷᠬᠡ ᠣᠯᠭᠤᠭᠰᠠᠨ ᠭᠤᠤᠯ ᠴᠣᠭᠴᠠ ᠶᠢᠨ | ᠬᠡᠯᠡᠯᠴᠡᠭᠡᠷ ᠬᠡᠷᠡᠭᠵᠢᠭᠦᠯᠦᠭᠰᠡᠨ ᠪᠠᠶᠢᠳᠠᠯ ᠳᠤ ᠵᠢᠯ ᠪᠦᠷᠢ ᠪᠠᠶᠢᠴᠠᠭᠠᠯᠲᠠ ᠬᠢᠵᠦ᠂ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠪᠠᠶᠢᠪᠠᠯ ᠦᠷᠭᠦᠯᠵᠢᠯᠡᠨ ᠡᠷᠬᠡ ᠣᠯᠭᠤᠨ᠎ᠠ︔ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ | ᠪᠠᠶᠢᠪᠠᠯ᠂ ︽ᠨᠠᠷᠠᠲᠤ ᠳᠡᠮᠳᠡᠭ ᠤᠨ ᠬᠡᠷᠡᠭᠯᠡᠬᠦ ᠦᠨᠡᠮᠯᠡᠯ︾ ᠢ ᠬᠤᠷᠢᠶᠠᠨ ᠠᠪᠬᠤ ᠶᠢᠨ ᠬᠠᠮᠲᠤ ᠨᠠᠷᠠᠲᠤ ᠳᠡᠮᠳᠡᠭ ᠤᠨ | ᠡᠷᠬᠡ ᠣᠯᠭᠤᠵᠤ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ | ᠬᠤᠷᠢᠨ ᠳᠥᠷᠪᠡᠳᠦᠭᠡᠷ ᠵᠦᠢᠯ ᠡᠷᠬᠡ ᠣᠯᠭᠤᠭᠰᠠᠨ ᠭᠤᠤᠯ ᠴᠣᠭᠴᠠ ᠨᠢ ᠡᠵᠡᠩᠨᠡᠨ ᠪᠣᠷᠣᠯᠠᠭᠤᠯᠬᠤ | ᠶᠠᠪᠤᠴᠠ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ | ᠤᠨ ᠡᠷᠬᠡ ᠣᠯᠭᠤᠭᠰᠠᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ | ︵ᠨᠢᠭᠡ︶ ᠪᠦᠲᠦᠭᠡᠭᠳᠡᠬᠦᠨ ᠤ ᠶᠠᠰᠤ ᠴᠢᠨᠠᠷ ᠠᠮᠣᠷ ᠲᠦᠪᠰᠢᠨ ᠤ ᠠᠰᠠᠭᠤᠳᠠᠯ ᠭᠠᠷᠤᠭᠰᠠᠨ︔ | ᠵᠠᠩᠭᠢᠯᠠᠭ᠎ᠠ ᠶᠢᠨ ᠴᠢᠨᠠᠷᠲᠠᠶ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠠᠰᠠᠭᠤᠳᠠᠯ ᠣᠷᠣᠰᠢᠵᠤ᠂ | ᠪᠦᠲᠦᠭᠡᠭᠳᠡᠬᠦᠨ ᠤ ᠶᠠᠰᠤ ᠴᠢᠨᠠᠷ ᠨᠢ ᠰᠢᠯᠢ ᠶᠢᠨ ᠭᠤᠤᠯ ᠴᠠᠭᠠᠨ ᠢᠳᠡᠭᠡᠨ ᠤ ᠬᠠᠮᠢᠶ᠎ᠠ ᠪᠥᠬᠦᠶ ᠪᠠᠷᠢᠮᠵᠢᠶᠠᠨ ᠠᠴᠠ | ᠳᠣᠤᠷ᠎ᠠ ᠪᠠᠶᠢᠬᠤ᠃ | ︵ᠬᠤᠶᠠᠷ︶ ᠪᠦᠲᠦᠭᠡᠭᠳᠡᠬᠦᠨ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠢᠳᠡᠭᠡᠨ ᠤ ᠠᠮᠣᠷ ᠲᠦᠪᠰᠢᠨ | ᠤ ᠪᠠᠷᠢᠮᠵᠢᠶᠠᠨ ᠳᠤ ᠨᠡᠶᠢᠴᠡᠬᠦ ᠦᠭᠡᠢ ᠪᠤᠶᠤ ᠮᠠᠯ ᠤᠨ ᠡᠮ ᠤᠨ ᠦᠯᠡᠳᠡᠭᠳᠡᠯ᠂ ᠮᠧᠯᠡᠮᠢᠨ ᠵᠡᠷᠭᠡ ᠬᠤᠣᠷ ᠬᠦᠨᠦᠭᠡᠯᠲᠦ | ᠴᠢᠨᠠᠷ ᠤᠨ ᠭᠦᠢᠴᠡᠳᠬᠡᠯ ᠲᠤᠭ᠎ᠠ ᠶᠢ ᠪᠠᠶᠢᠴᠠᠭᠠᠵᠤ ᠭᠠᠷᠭᠠᠭᠰᠠᠨ︔ ᠭᠤᠷᠪᠠᠨ ᠵᠢᠯ ᠪᠤᠶᠤ ᠲᠤᠰ ᠵᠢᠯ ᠳᠠᠷᠠᠭᠠᠯᠠᠨ | ᠭᠤᠷᠪᠠᠨ ᠪᠦᠯᠦᠭ ᠣᠳᠠᠭᠠᠨ ᠤ ᠪᠦᠲᠦᠭᠡᠭᠳᠡᠬᠦᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠶ | ᠪᠠᠶᠢᠬᠤ᠃ | ︵ᠭᠤᠷᠪᠠ︶ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢ ᠵᠥᠷᠢᠴᠡᠵᠦ᠂ ᠡᠷᠬᠡ ᠳᠤ | ᠬᠠᠯᠳᠠᠭᠰᠠᠨ ᠵᠠᠭᠠᠯᠳᠤᠯᠭ᠎ᠠ ᠳᠤ ᠤᠴᠠᠷᠠᠵᠤ᠂ ᠪᠠᠶᠢᠴᠠᠭᠠᠨ ᠲᠣᠳᠣᠯᠠᠭᠰᠠᠨ ᠨᠢ ᠦᠨᠡᠨ ᠪᠣᠳᠠᠲᠠᠢ ᠪᠠᠶᠢᠬᠤ︔ | ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ᠂ ᠢᠲᠡᠭᠡᠯ ᠠᠯᠳᠠᠭᠰᠠᠨ ᠵᠢᠴᠢ ᠵᠠᠰᠠᠭ ᠵᠠᠬᠢᠷᠭᠠᠨ ᠤ ᠰᠢᠳᠬᠡᠯ | ᠣᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠤᠭᠰᠠᠨ ᠪᠠᠶᠢᠬᠤ᠃ | ︵ᠳᠥᠷᠪᠡ︶ ᠠᠶᠢᠮᠠᠭ ᠤᠨ ᠳᠣᠲᠣᠷᠠᠬᠢ ᠲᠦᠭᠦᠬᠡᠶ ᠰᠦ ᠶᠢ ᠬᠡᠷᠡᠭᠯᠡᠭᠰᠡᠨ ᠬᠠᠷᠢᠴᠠᠯ ᠨᠢ 50% ᠠᠴᠠ | ᠳᠣᠤᠷ᠎ᠠ ᠪᠤᠶᠤ ᠨᠠᠷᠠᠲᠤ ᠳᠡᠮᠳᠡᠭ ᠤᠨ ᠪᠦᠲᠦᠭᠡᠭᠳᠡᠬᠦᠨ ᠤ ᠭᠠᠷᠤᠯᠲᠠ ᠨᠢ ᠲᠦᠭᠦᠬᠡᠶ ᠰᠦ ᠶᠢᠨ ᠪᠣᠯᠪᠠᠰᠤᠷᠠᠭᠤᠯᠵᠤ | ᠪᠣᠯᠬᠤ ᠬᠡᠮᠵᠢᠶᠡᠨ ᠠᠴᠠ ᠬᠡᠲᠦᠷᠡᠭᠰᠡᠨ ᠮᠥᠷᠲᠡᠭᠡᠨ ᠵᠦᠶ ᠵᠣᠬᠢᠰᠲᠠᠶ ᠲᠠᠶᠢᠯᠪᠣᠷᠢ ᠬᠢᠵᠣ ᠳᠡᠶᠢᠯᠬᠦ ᠦᠭᠡᠢ ᠪᠣᠯᠣᠭᠰᠠᠨ᠃ | ︵ᠲᠠᠪᠤ︶ ᠪᠣᠭᠤᠳᠠᠯᠯᠠᠵᠤ ᠬᠢᠭᠰᠡᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠮᠥᠷᠲᠡᠭᠡᠨ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ᠃ | ︵ᠵᠢᠷᠭᠤᠭ᠎ᠠ︶ ᠶᠠᠰᠤ ᠴᠢᠨᠠᠷ ᠢ ᠮᠦᠷᠳᠡᠨ ᠨᠡᠬᠡᠮᠵᠢᠯᠡᠬᠦ ᠪᠠ ᠨᠠᠷᠠᠲᠤ ᠳᠡᠮᠳᠡᠭ ᠤᠨ ᠤᠬᠠᠭᠤᠯᠭ᠎ᠠ ᠶᠢ | ᠱᠠᠭᠠᠷᠳᠠᠯᠭ᠎ᠠ ᠶᠣᠰᠣᠭᠠᠷ ᠥᠷᠨᠢᠭᠦᠯᠦᠭᠰᠡᠨ ᠥᠬᠡᠶ᠃ | ︵ᠳᠣᠯᠤᠭ᠎ᠠ︶ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠳᠤᠷ᠎ᠠ ᠪᠠᠷ ᠢᠶᠠᠨ ᠰᠢᠯᠵᠢᠭᠦᠯᠦᠨ | ᠥᠭᠭᠦᠭᠰᠡᠨ᠂ ᠬᠤᠳᠠᠯᠳᠤᠭᠰᠠᠨ᠂ ᠵᠢᠭᠡᠯᠡᠭᠦᠯᠦᠭᠰᠡᠨ᠂ ᠪᠡᠯᠡᠭᠯᠡᠭᠰᠡᠨ᠃ | ︵ᠨᠠᠢᠮᠠ︶ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠨᠡᠷ᠎ᠡ ᠬᠦᠨᠳᠦ ᠶᠢ ᠨᠦᠯᠦᠭᠡᠯᠡᠭᠰᠡᠨ | ᠪᠤᠰᠤᠳ ᠦᠢᠯᠡ ᠠᠵᠢᠯᠯᠠᠭ᠎ᠠ᠃ | ᠡᠷᠬᠡ ᠣᠯᠭᠤᠭᠰᠠᠨ ᠭᠤᠤᠯ ᠴᠣᠭᠴᠠ ᠨᠢ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠬᠡᠷᠡᠭᠯᠡᠬᠦ | ᠪᠠᠨ ᠬᠦᠴᠦᠨ ᠥᠬᠡᠶ ᠪᠣᠯᠭᠠᠬᠤ ᠪᠤᠶᠤ ᠰᠠᠨᠠᠭᠠᠴᠢᠯᠠᠭ᠎ᠠ ᠠᠴᠠ ᠪᠠᠨ ᠬᠡᠷᠡᠭᠯᠡᠬᠦ ᠦᠭᠡᠢ ᠪᠣᠯ᠂ ᠡᠷᠬᠡᠪᠰᠢ ︽ᠨᠠᠷᠠᠲᠤ | ᠳᠡᠮᠳᠡᠭ ᠬᠡᠷᠡᠭᠯᠡᠬᠦ ᠦᠨᠡᠮᠯᠡᠯ︾ ᠬᠢᠭᠡᠳ ᠢᠷᠠᠭᠤ ᠠᠯᠳᠠᠷ ᠤᠨ ᠫᠠᠶᠢᠰᠠ ᠢᠯᠡᠷᠬᠡᠶᠢᠯᠡᠯ ᠢ ᠪᠤᠴᠠᠭᠠᠬᠤ ᠬᠡᠷᠡᠭᠲᠡᠶ︔ | ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠬᠡᠷᠡᠭᠯᠡᠬᠦ ᠪᠠᠨ ᠬᠦᠴᠦᠨ ᠥᠬᠡᠶ ᠪᠣᠯᠭᠠᠬᠤ ᠪᠤᠶᠤ | ᠰᠠᠨᠠᠭᠠᠴᠢᠯᠠᠭ᠎ᠠ ᠠᠴᠠ ᠪᠠᠨ ᠬᠡᠷᠡᠭᠯᠡᠬᠦ ᠦᠭᠡᠢ ᠪᠣᠯ᠂ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠢᠯᠡ ᠮᠡᠳᠡᠭᠳᠡᠨ᠎ᠡ᠃ | ᠬᠤᠷᠢᠨ ᠲᠠᠪᠤᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠤᠯᠤᠰ ᠤᠨ | ᠬᠠᠤᠯᠢ ᠴᠠᠭᠠᠵᠠ ᠪᠠᠷ ᠬᠠᠮᠠᠭᠠᠯᠠᠨ᠎ᠠ᠂ ᠬᠡᠷᠪᠡ ᠡᠷᠬᠡ ᠣᠯᠭᠤᠭᠰᠠᠨ ᠭᠤᠤᠯ ᠴᠣᠭᠴᠠ ᠶᠢᠨ ᠦᠢᠯᠡ ᠠᠵᠢᠯᠯᠠᠭ᠎ᠠ ᠨᠢ | ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠲᠤ ᠬᠦᠨᠳᠦ ᠨᠣᠴᠢᠲᠠᠶ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠢ ᠦᠷᠭᠦᠯᠵᠢᠯᠡᠨ ᠬᠡᠷᠡᠭᠯᠡᠵᠦ ᠪᠣᠯᠬᠤ ᠥᠬᠡᠶ᠂3 | ᠵᠢᠯ ᠤᠨ ᠳᠣᠲᠣᠷ᠎ᠠ ᠲᠣᠰ ᠭᠤᠤᠯ ᠴᠣᠭᠴᠠ ᠶᠢᠨ ᠬᠡᠷᠡᠭᠯᠡᠬᠦ ᠭᠤᠶᠤᠴᠢᠯᠠᠯ ᠢ ᠳᠠᠭᠢᠵᠤ ᠭᠥᠯᠢᠶᠡᠨ ᠠᠪᠴᠤ | ᠰᠶᠢᠳᠪᠦᠷᠢᠯᠡᠬᠦ ᠥᠬᠡᠶ︔ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠢᠲᠡᠭᠡᠯ ᠠᠯᠳᠠᠭᠰᠠᠨ ᠠᠵᠤ | ᠠᠬᠤᠶᠢᠯᠠᠯ ᠤᠨ ᠨᠡᠷᠡᠰ ᠲᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠮᠡᠳᠡᠭᠳᠡᠨ᠎ᠡ᠃ ᠡᠯ᠎ᠡ ᠲᠥᠷᠥᠯ ᠵᠦᠢᠯ᠂ | ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠭᠤᠶᠤᠴᠢᠯᠠᠬᠤ ᠳᠤ ᠳᠣᠭᠢᠷᠠᠭᠤᠯᠬᠤ ᠥᠬᠡᠶ᠂ ᠬᠠᠤᠯᠢ ᠠᠴᠠ | ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠵᠢᠷᠭᠤᠳᠤᠭᠠᠷ ᠵᠦᠢᠯ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠳᠡᠮᠳᠡᠭ ᠤᠨ ᠡᠵᠡᠩᠨᠡᠯᠲᠡ᠂ | ᠬᠢᠨᠠᠯᠲᠠ ᠬᠠᠮᠢᠶᠠᠷᠤᠯᠲᠠ ᠳᠤ ᠣᠷᠣᠯᠴᠠᠭᠰᠠᠨ ᠠᠵᠢᠯᠲᠠᠳ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠨ᠂ ᠠᠵᠢᠯ ᠤᠨ ᠳᠤᠮᠳᠠ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠵᠦ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠪᠡᠯ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | ᠬᠤᠷᠢᠨ ᠳᠣᠯᠣᠳᠤᠭᠠᠷ ᠵᠦᠢᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠨᠡᠷ᠎ᠡ ᠳᠡᠮᠳᠡᠭᠳᠣ ᠶᠢᠨ ᠪᠠᠶᠢᠭᠤᠯᠣᠯᠳᠠ ᠶᠢ ᠠᠬᠢᠭᠤᠯᠬᠤ ᠲᠦᠪ ᠵᠢᠴᠢ | ᠠᠶᠢᠮᠠᠭ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠨᠦᠭᠦᠳ ᠣᠷᠳᠣ ᠬᠤᠭᠤᠴᠠᠭᠠᠨ ᠤ | ᠢᠯᠡᠴᠢᠯᠡᠨ ᠮᠡᠳᠡᠭᠦᠯᠬᠦ ᠲᠣᠭᠲᠠᠴᠠ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠯᠢ ᠶᠢᠨ ᠭᠤᠤᠯ | ᠴᠠᠭᠠᠨ ᠢᠳᠡᠭᠡᠨ ᠤ ᠨᠠᠷᠠᠲᠤ ᠳᠡᠮᠳᠡᠭ ᠤᠨ ᠡᠵᠡᠩᠨᠡᠯᠲᠡ᠂ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ | ᠲᠠᠯᠪᠢᠬᠤ ᠶᠢ ᠬᠦᠯᠢᠶᠡᠨ᠎ᠡ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠨᠠᠢᠮᠠᠳᠤᠭᠠᠷ ᠵᠦᠢᠯ ᠲᠣᠰ ᠠᠷᠭ᠎ᠠ ᠶᠢ ᠠᠶᠢᠮᠠᠭ ᠤᠨ ᠨᠡᠷ᠎ᠡ ᠳᠡᠮᠳᠡᠭᠳᠣ ᠶᠢᠨ ᠪᠠᠶᠢᠭᠤᠯᠣᠯᠳᠠ ᠶᠢ | ᠠᠬᠢᠭᠤᠯᠬᠤ ᠲᠦᠪ ᠬᠢᠭᠡᠳ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠠᠴᠠ ᠬᠠᠷᠢᠭᠤᠴᠠᠨ ᠲᠠᠶᠢᠯᠪᠤᠷᠢᠯᠠᠵᠤ᠂ | 2024 ᠣᠨ ᠤ 1 ᠳ᠋ᠣᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠬᠦᠴᠦᠨ ᠲᠠᠢ ᠪᠣᠯᠭᠠᠨ᠎ᠠ᠃ | ᠤᠤᠯ ᠤᠨ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠤᠨ 2022 ᠣᠨ ᠤ 9 ᠳ᠋ᠣᠭᠡᠷ | ᠰᠠᠷ᠎ᠠ ᠶᠢᠨ 20 ᠤ ᠡᠳᠦᠷ ᠨᠡᠶᠢᠲᠡᠯᠡᠭᠰᠡᠨ ︽ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠪᠠ ᠭᠠᠵᠠᠷ ᠵᠦᠶ ᠶᠢᠨ ᠢᠯᠡᠷᠬᠡᠶᠢᠯᠡᠯᠳᠣ ᠲᠠᠸᠠᠷ ᠤᠨ ᠲᠡᠮᠳᠡᠭ ᠲᠤ ᠡᠷᠬᠡ | ᠣᠯᠭᠤᠨ ᠬᠡᠷᠡᠭᠯᠡᠭᠦᠯᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠠᠮᠲᠤ ᠳᠤᠨᠢ ᠬᠦᠴᠦᠨ | ᠥᠬᠡᠶ ᠪᠣᠯᠭᠠᠨ᠎ᠠ᠃ | | |