ᠯᠥᠸᠧ ᠴᠢᠩ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠪᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2024/8/15
     8 ᠰᠠᠷ᠎ᠠ ᠶᠢᠨ 14᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠰᠢᠯᠢ ᠶᠢᠨ ᠬᠤᠲᠠ ᠳᠤ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠪᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠯᠥᠸᠧ ᠴᠢᠩ ᠢᠯᠠᠯᠲᠠ ᠪᠠᠷᠠᠭᠤᠨ ᠨᠢᠭᠡᠳᠦᠭᠡᠷ ᠵᠠᠳᠠᠭᠠᠢ ᠨᠡᠭᠦᠷᠡᠰᠦᠨ ᠠᠭᠤᠷᠬᠠᠢ ᠳᠤ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠶᠢᠯᠠᠭᠠᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠶᠡᠭᠡ ᠲᠠᠯ᠎ᠠ ᠶᠢ ᠪᠠᠲᠤᠯᠠᠬᠤ ᠳᠤ ᠰᠠᠭᠤᠷᠢᠯᠠᠨ᠂ ᠠᠭᠤᠷᠬᠠᠢ ᠶᠢᠨ ᠣᠶᠤᠨᠴᠢᠯᠠᠯᠲᠠ᠂ ᠠᠦ᠋ᠲ᠋ᠣᠴᠢᠯᠠᠯᠲᠠ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠶᠤᠨᠴᠢᠯᠠᠯᠲᠠ ᠶᠢᠨ ᠬᠡᠪ ᠳᠠᠭᠤᠷᠢᠶᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ 5G ᠰᠦᠯᠵᠢᠶ᠎ᠡ ᠶᠢ ᠬᠠᠮᠤᠷᠬᠤ᠂ ᠵᠢᠯᠣᠭᠤᠴᠢ ᠦᠭᠡᠢ ᠠᠵᠢᠯᠯᠠᠬᠤ ᠶᠢ ᠲᠦᠭᠡᠮᠡᠯᠵᠢᠭᠦᠯᠬᠦ᠂ ᠣᠶᠤᠨᠴᠢ ᠪᠠᠷ ᠮᠠᠯᠲᠠᠬᠤ ᠶᠢ ᠪᠠᠶᠢᠩᠭᠤᠵᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠮᠥᠨ ᠤ ᠬᠦᠴᠦᠨ ᠢ ᠴᠥᠭᠡᠳᠬᠡᠨ ᠠᠮᠤᠷ ᠲᠦᠪᠰᠢᠨ ᠢ ᠨᠡᠮᠡᠭᠳᠡᠭᠦᠯᠬᠦ᠂ ᠦᠷ᠎ᠡ ᠠᠰᠢᠭ ᠢ ᠳᠡᠭᠡᠭᠰᠢᠯᠡᠭᠦᠯᠦᠨ ᠬᠠᠩᠭᠠᠯᠭ᠎ᠠ ᠶᠢ ᠨᠡᠮᠡᠭᠳᠡᠭᠦᠯᠬᠦ ᠬᠠᠷᠠᠯᠲᠠ ᠶᠢ ᠤᠯᠠᠮ ᠨᠢᠭᠡ ᠠᠯᠬᠤᠮ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠯᠥᠸᠧ ᠴᠢᠩ᠂ ᠲᠠᠢ ᠹᠦ᠋ ᠡᠨᠧᠷᠭᠢ ᠶᠢᠨ ᠣᠶᠤᠨᠴᠢ ᠠᠵᠢᠯᠯᠠᠭᠠᠨ ᠬᠠᠮᠠᠭᠠᠯᠠᠯᠲᠠ ᠶᠢᠨ ᠲᠥᠪ ᠪᠣᠯᠣᠨ ᠶᠤᠸᠠᠨ ᠵᠢᠩ ᠤᠰᠤᠲᠥ᠋ᠷᠥᠭᠴᠢ ᠨᠥᠭᠡᠴᠡ ᠡᠨᠧᠷᠭᠢ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠠᠳᠬᠤᠵᠦ᠂ ᠨᠦᠬᠦᠭᠡ ᠲᠠᠯ᠎ᠠ ᠪᠠᠷ ᠲᠤᠨᠤᠬᠯᠠᠯ ᠦᠢᠯᠡᠳᠬᠦ ᠵᠡᠷᠭᠡ ᠬᠤᠯᠪᠣᠯᠳᠤᠭᠰᠠᠨ ᠢᠵᠢ ᠪᠦᠷᠢᠳᠦᠭᠦᠯᠬᠦ ᠠᠵᠤ ᠦᠢᠯᠡᠰ ᠢ ᠠᠳᠬᠤᠠ᠂ ᠪᠦᠬᠦ ᠬᠡᠯᠬᠢᠶ᠎ᠡ ᠶᠢᠨ ᠬᠠᠷᠠᠭᠠᠰᠤ ᠠᠴᠠ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ ᠴᠢᠩᠭᠠᠳᠬᠠᠬᠤ ᠲᠦᠷᠦᠯ ᠵᠦᠢᠯ ᠢ ᠣᠷᠣᠭᠤᠯᠤᠨ ᠠᠪᠴᠢᠷᠠᠵᠦ᠂ ᠠᠵᠢᠯᠯᠠᠭᠤᠯᠵᠦ ᠬᠠᠮᠠᠭᠠᠯᠠᠬᠤ ᠪᠠᠶᠢᠴᠠᠭᠠᠨ ᠵᠠᠰᠠᠬᠤ᠂ ᠮᠡᠷᠭᠡᠵᠢᠯ  ᠤᠨ  ᠦᠢᠯᠡᠴᠢᠯᠡᠭᠡ  ᠪᠠ ᠪᠣᠭᠤᠳᠠᠯᠯᠠᠵᠤ ᠲᠡᠭᠡᠭᠡᠪᠦᠷᠢᠯᠡᠬᠦ᠂ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠠ᠂ ᠰᠠᠯᠬᠢ ᠭᠡᠷᠡᠯ ᠢᠯᠴᠢ ᠨᠦᠭᠡᠴᠡ ᠡᠨᠧᠷᠭᠢ ᠤᠰᠤᠲᠥ᠋ᠷᠥᠭᠴᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠠᠶᠢᠮᠠᠭ ᠤᠨ ᠳᠡᠳ᠋ ᠳᠠᠷᠤᠭ᠎ᠠ ᠶᠠᠩ ᠯᠢ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号