ᠠᠶᠢᠮᠠᠭ ᠤᠨ ᠵᠠᠬᠢᠷᠭ᠎ᠠ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/8/15
     8 ᠰᠠᠷ᠎ᠠ ᠶᠢᠨ 14᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠬᠠᠨ ᠶᠣᠣ ᠳ᠋ᠦᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠵᠦ ᠰᠠᠨᠠᠯ ᠢᠶᠠᠨ ᠰᠣᠯᠢᠯᠴᠠᠪᠠ᠃      ᠯᠥᠸᠧ ᠴᠢᠩ ᠠᠴᠠ ᠬᠠᠨ ᠶᠣᠣ ᠳ᠋ᠦᠩ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠢᠭᠡᠨᠲᠡ 90 ᠰᠢᠬᠠᠮ ᠵᠦᠢᠯ ᠤᠨ ᠠᠭᠤᠷᠬᠠᠢ ᠶᠢᠨ ᠭᠠᠷᠤᠯᠲᠠ ᠶᠢ ᠢᠯᠡᠷᠡᠭᠦᠯᠵᠡᠢ᠂ ᠡᠭᠦᠨ ᠳᠤ ᠠᠯᠲᠠ᠂ ᠭᠧᠷᠮᠠᠨ᠂ ᠬᠠᠷ᠎ᠠ ᠲᠤᠭᠤᠯᠭ᠎ᠠ᠂ ᠴᠠᠶᠢᠷ᠂ ᠮᠥᠩᠭᠦ ᠵᠡᠷᠭᠡ ᠲᠡᠮᠦᠷᠯᠢᠭ ᠪᠣᠯ ᠮᠠᠨ ᠤ ᠠᠶᠢᠮᠠᠭ ᠤᠨ ᠳᠠᠪᠠᠭᠤᠯᠢᠭ ᠠᠭᠤᠷᠬᠠᠢ ᠶᠢᠨ ᠭᠠᠷᠤᠯᠲᠠ ᠮᠥᠨ᠂ ᠬᠠᠳᠠᠭᠠᠯᠠᠭᠳᠠᠴᠠ ᠨᠢ ᠮᠠᠰᠢ ᠰᠠᠶᠢᠨ ᠪᠠᠶᠢᠵᠤ᠂ ᠣᠲᠣ ᠶᠠᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠬᠠᠶᠢᠬᠤ ᠰᠢᠪᠲᠤᠯᠤᠯᠲᠠ ᠶᠢᠨ ᠠᠵᠢᠯᠯᠠᠭ᠎ᠠ ᠲᠠᠢ ᠤᠶᠠᠯᠳᠤᠭᠤᠯᠤᠨ ᠭᠦᠨᠵᠡᠭᠡᠢ ᠬᠠᠶᠢᠨ ᠪᠠᠶᠢᠴᠠᠭᠠᠯᠲᠠ ᠬᠢᠵᠦ ᠪᠠᠶᠢᠨ᠎ᠠ᠃ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ ᠰᠢᠯᠢ ᠶᠢᠨ ᠭᠤᠣᠯ ᠠᠶᠢᠮᠠᠭ ᠲᠤ ᠣᠯᠠᠨ ᠵᠢᠯ ᠦᠨᠳᠦᠰᠦᠯᠡᠵᠦ᠂ ᠪᠥᠬᠦ ᠠᠶᠢᠮᠠᠭ ᠤᠨ ᠥᠩᠭᠡᠲᠦ ᠲᠡᠮᠦᠷᠯᠢᠭ ᠰᠣᠩᠭᠤᠬᠤ ᠠᠵᠢᠯ ᠲᠥᠷᠥᠯ ᠤᠨ ᠳᠠᠭᠠᠭᠤᠯᠤᠭᠴᠢ ᠮᠥᠨ᠂ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠠᠨ ᠤ ᠠᠶᠢᠮᠠᠭ ᠤᠨ ᠡᠯᠪᠡᠭ ᠪᠠᠶᠠᠯᠢᠭ ᠲᠡᠮᠦᠷᠯᠢᠭ ᠤᠨ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ ᠡᠬᠢ ᠪᠠᠶᠠᠯᠢᠭ ᠢ ᠨᠡᠭᠡᠭᠡᠨ ᠠᠰᠢᠭᠯᠠᠬᠤ ᠰᠢᠨ᠎ᠡ ᠵᠠᠭᠪᠤᠷ ᠢ ᠪᠠᠶᠢᠭᠤᠯᠬᠤ ᠶᠢ ᠬᠦᠰᠡᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠠᠵᠤ ᠠᠬᠤᠶᠢᠯᠠᠯ ᠤᠨ ᠬᠥᠭᠵᠢᠯᠲᠡ ᠳᠤ ᠦᠷᠭᠦᠯᠵᠢᠯᠡᠨ ᠰᠢᠯᠢᠳᠡᠭ ᠦᠢᠯᠡᠴᠢᠯᠡᠭᠡ ᠬᠠᠩᠭᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠳᠠᠰᠤᠷᠠᠯᠳᠠ ᠦᠭᠡᠢ ᠥᠷᠭᠡᠳᠬᠡᠠ᠂ ᠠᠵᠤ ᠠᠬᠤᠶᠢᠯᠠᠯ ᠤᠨ ᠨᠡᠩ ᠰᠠᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠠᠢ᠃      ᠬᠠᠨ ᠶᠣᠣ ᠳ᠋ᠦᠩ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ ᠤᠨ ᠬᠥᠭᠵᠢᠯᠲᠡ ᠶᠢᠨ ᠶᠠᠪᠤᠴᠠ ᠪᠣᠯᠣᠨ ᠠᠵᠢᠯ ᠲᠦᠷᠦᠯ ᠤᠨ ᠳᠠᠪᠠᠭᠤᠯᠢᠭ ᠢ ᠲᠠᠨᠢᠯᠴᠠᠭᠤᠯᠪᠠ᠃ ᠲᠡᠷᠡ ᠢᠯᠡᠷᠭᠡᠶᠢᠯᠡᠬᠦ ᠳᠡᠭᠡᠨ᠂ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ ᠲᠤᠰ ᠪᠡᠶ᠎ᠡ ᠶᠢᠨ ᠠᠵᠤ ᠦᠢᠯᠡᠰ ᠪᠣᠯᠣᠨ ᠮᠡᠷᠭᠡᠵᠢᠯ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠤᠣᠰ ᠴᠢᠭᠯᠡᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠠᠵᠤ ᠦᠢᠯᠡᠰ ᠤᠨ ᠬᠡᠯᠬᠢᠶ᠎ᠡ ᠶᠢ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠢᠯᠢ ᠶᠢᠨ ᠭᠤᠣᠯ ᠠᠶᠢᠮᠠᠭ ᠤᠨ ᠤᠯᠤᠰ ᠤᠨ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠠᠢ᠃      ᠣᠶᠢᠯᠠᠭᠠᠭᠰᠠᠨ ᠢᠶᠠᠷ᠂ ᠱᠠᠨᠳᠦ᠋ᠩ ᠤᠨ ᠰᠢᠵᠢᠷ ᠠᠯᠲᠠᠨ ᠤ ᠪᠦᠯᠦᠭᠯᠡᠯ ᠪᠣᠯ ᠪᠥᠬᠦ ᠤᠯᠤᠰ ᠤᠨ ᠰᠢᠵᠢᠷ ᠠᠯᠲᠠᠨ ᠤ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠮᠥᠨ᠂ ᠪᠥᠬᠦ ᠤᠯᠤᠰ ᠤᠨ 500 ᠬᠦᠴᠦᠷᠬᠡᠭ ᠲᠤ ᠵᠢᠭᠰᠠᠭᠠᠭᠳᠠᠵᠦ ᠪᠤᠢ᠃ 2010 ᠣᠨ ᠳᠤ ᠰᠢᠯᠢ ᠶᠢᠨ ᠭᠤᠣᠯ ᠠᠶᠢᠮᠠᠭ ᠲᠤ ᠣᠷᠣᠵᠤ ᠢᠷᠡᠨ᠂ ᠭᠤᠣᠯᠳᠠᠭᠤ ᠬᠠᠷ᠎ᠠ ᠲᠤᠭᠤᠯᠭ᠎ᠠ᠂ ᠴᠠᠶᠢᠷ᠂ ᠮᠥᠩᠭᠦ ᠵᠡᠷᠭᠡ ᠥᠩᠭᠡᠲᠦ ᠲᠡᠮᠦᠷᠯᠢᠭ ᠢ ᠰᠣᠩᠭᠤᠵᠦ ᠠᠪᠬᠤ ᠠᠵᠢᠯ ᠢ ᠥᠷᠨᠢᠭᠦᠯᠵᠦ᠂ ᠨᠡᠶᠢᠲᠡ 50 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠤᠨ᠂ ᠵᠢᠯ ᠤᠨ ᠮᠠᠯᠲᠠᠵᠤ ᠰᠣᠩᠭᠤᠬᠤ ᠴᠢᠳᠠᠪᠤᠷᠢ ᠨᠢ 240 ᠲᠦᠮᠡᠨ ᠲᠣᠨ ᠳᠤ ᠬᠦᠷᠴᠡᠢ᠃                                                ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号