ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/16
     8 ᠰᠠᠷ᠎ᠠ ᠶᠢᠨ 14 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃      ᠬᠤᠷᠠᠯ ᠠᠴᠠ ᠵᠢᠭᠠᠬᠤ ᠳᠠᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ   ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠢᠢᠨ ᠡᠭᠦᠷᠭᠡ ᠮᠥᠨ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠠᠵᠢᠯ ᠤᠨ ᠭᠤᠣᠯ ᠰᠢᠵᠢᠮ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠠᠨᠳᠤᠯᠭᠠᠲᠦ ᠴᠢᠨᠠᠷ᠂ ᠴᠢᠭᠯᠡᠭᠦᠯᠦᠯᠲᠦ ᠴᠢᠨᠠᠷ᠂ ᠦᠢᠯᠡᠳᠦᠯᠴᠡᠬᠦ ᠴᠢᠨᠠᠷ ᠢ ᠳᠤᠪᠤᠶᠢᠯᠭᠠᠬᠰᠠᠨ ᠤᠬᠠᠭᠤᠯᠤᠨ ᠲᠠᠶᠢᠯᠪᠤᠷᠢᠯᠠᠯᠲᠠ ᠶᠢ ᠭᠦᠨᠵᠡᠭᠡᠢ ᠥᠷᠨᠢᠭᠦᠯᠵᠦ᠂ ᠪᠦᠬᠦ ᠠᠶᠢᠮᠠᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠬᠤ ᠳᠤ ᠢᠲᠡᠭᠡᠯ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠠᠢ᠃      ᠳᠠᠶᠢᠴᠢᠯᠠᠯᠲᠠ ᠶᠢᠨ ᠬᠤᠷᠠᠯ ᠤᠨ ᠳᠠᠷᠠᠭ᠎ᠠ᠂ ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠬᠠᠮᠲᠤ ᠪᠠᠷ ᠬᠢᠴᠢᠶᠡᠯ ᠪᠡᠯᠡᠳᠬᠡᠪᠡ᠃ 8 ᠰᠠᠷ᠎ᠠ ᠶᠢᠨ ᠰᠡᠭᠦᠯᠴᠢ ᠠᠴᠠ ᠡᠬᠢᠯᠡᠵᠦ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠬᠤᠰᠢᠭᠤ ᠰᠢᠶᠠᠨ ᠬᠤᠳᠠ ︵ᠤᠷᠤᠨ︶ ᠳᠤ ᠭᠦᠨᠵᠡᠭᠡᠶᠢᠷᠡᠨ ᠲᠥᠪᠯᠡᠷᠡᠩᠭᠦᠢ ᠤᠬᠠᠭᠤᠯᠤᠨ ᠲᠠᠶᠢᠯᠪᠤᠷᠢᠯᠠᠯᠲᠠ ᠬᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号