ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠵᠢᠴᠢ ᠵᠠᠭᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/17
     8 ᠰᠠᠷ᠎ᠠ ᠶᠢᠨ 16 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠵᠡᠢ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠡᠭᠡᠷ᠎ᠠ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠮᠠᠨ ᠤ ᠠᠶᠢᠮᠠᠭ ᠤᠨ ᠪᠣᠳᠠᠲᠠᠢ ᠲᠠᠢ ᠤᠶᠠᠯᠳᠤᠭᠤᠯᠤᠨ ᠥᠭᠡᠷᠡᠴᠢᠯᠡᠯᠲᠡ ᠶᠢᠨ ᠡᠭᠦᠷᠭᠡ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢᠭᠡᠪᠦᠷᠢ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠭᠡᠯ ᠢ ᠪᠣᠳᠠᠲᠤ ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠦᠷ᠎ᠡ ᠪᠦᠲᠦᠮᠵᠢ ᠳᠡᠭᠡᠨ ᠢᠯᠡᠷᠡᠭᠦᠯᠬᠦ ᠬᠡᠷᠡᠭᠲᠡᠢ᠃ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠡᠷᠭᠢᠯᠳᠡ᠂ ᠭᠠᠩ ᠬᠠᠭᠰᠠᠷᠠᠭᠠᠨ ᠲᠠᠢ ᠲᠡᠮᠡᠴᠡᠵᠦ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠥᠬᠦ ᠠᠶᠢᠮᠠᠭ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠤᠬᠠᠢ ᠶᠢᠨ ᠡᠳᠦᠷ᠂ ᠠᠶᠢᠮᠠᠭ ᠤᠨ ᠵᠠᠬᠢᠷᠭ᠎ᠠ 2024 ᠣᠨ ᠤ ᠬᠤᠷᠢᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠤᠰᠤᠨ ᠤ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠡᠷᠭᠡ ᠵᠦᠢᠯᠡᠰ ᠢ ᠰᠤᠳᠤᠯᠵᠠᠢ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号