ᠣᠶᠢᠷ᠎ᠠ ᠶᠢᠨ ᠵᠢᠯ᠂ ᠮᠠᠨ ᠤ ᠠᠶᠢᠮᠠᠭ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠠᠵᠢᠯ | ᠦᠢᠯᠡᠰ ᠢ ᠲᠠᠰᠤᠷᠠᠯᠲᠠ ᠦᠭᠡᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠬᠢᠭᠡᠳ ᠤᠯᠤᠰ ᠤᠨ | ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠵᠡᠷᠭᠡᠪᠡᠷ ᠬᠡᠷᠡᠭᠵᠢᠭᠦᠯᠬᠦ ᠶᠢ ᠨᠢᠭᠡᠳᠦᠯᠲᠡᠢ | ᠲᠥᠯᠥᠪᠵᠢᠭᠦᠯᠦᠨ᠂ ︽ᠪᠡᠶ᠎ᠡ ᠶᠢᠨ ᠲᠠᠮᠢᠷ ᠤᠨ ᠦᠢᠯᠡᠴᠢᠯᠡᠭᠡ︾ ᠶᠢ ᠣᠯᠠᠨ ᠲᠦᠮᠡᠨ ᠤ ︽ᠡᠷᠡᠭᠦᠯ ᠮᠡᠨᠳᠦ ᠶᠢᠨ | ᠨᠠᠷᠢᠨ ᠲᠠᠩᠰᠠ︾ ᠳᠤ ᠣᠷᠣᠭᠤᠯᠵᠤ᠂ ︽ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠢ ᠠᠭᠤᠰᠤᠯᠴᠠᠭᠤᠯᠬᠤ︾ ᠵᠠᠭᠪᠤᠷ ᠢ | ᠡᠭᠦᠳᠦᠨ᠂ ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ | ᠬᠦᠴᠦᠨ ᠨᠡᠮᠡᠷᠢᠯᠡᠪᠡ᠃ ᠣᠲᠣ ᠪᠣᠯᠲᠠᠯ᠎ᠠ᠂ ᠪᠥᠬᠦ ᠠᠶᠢᠮᠠᠭ ᠤᠨ ᠬᠤᠰᠢᠭᠤ ᠰᠢᠶᠠᠨ ᠤ ᠱᠠᠲᠤᠨ ᠤ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠲᠥᠪ ᠤᠨ ᠪᠦᠷᠬᠦᠴᠡ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠰᠠᠭᠤᠷᠢ ᠲᠦᠭᠦᠭᠡᠷᠦᠮᠵᠢ ᠶᠢᠨ ᠪᠦᠷᠬᠦᠴᠡ ᠴᠥ᠋ᠮ 100% ᠭᠦᠷᠪᠡ᠃ ᠪᠥᠬᠦ ᠠᠶᠢᠮᠠᠭ ᠤᠨ ᠪᠡᠶ᠎ᠡ ᠶᠢᠨ | ᠲᠠᠮᠢᠷ ᠤᠨ ᠲᠠᠯᠠᠪᠠᠶ 342.5835 ᠲᠦᠮᠡᠨ ᠬᠠᠪᠳᠠᠭᠠᠢ ᠳᠥᠷᠪᠡᠯᠵᠢᠨ ᠮᠧᠲᠷ ᠬᠦᠷᠴᠦ᠂ ᠬᠥᠮᠥᠨ | ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ 3.06 ᠬᠠᠪᠳᠠᠭᠠᠢ ᠳᠥᠷᠪᠡᠯᠵᠢᠨ ᠮᠧᠲᠷ ᠬᠦ᠋ᠷᠴᠦ᠂ ᠬᠠᠷᠠᠯᠲᠠ | ᠡᠭᠦᠷᠭᠡ ᠠᠴᠠ 0.86 ᠬᠠᠪᠳᠠᠭᠠᠢ ᠳᠥᠷᠪᠡᠯᠵᠢᠨ ᠮᠧᠲᠷ ᠳᠠᠪᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠳᠤᠮᠳᠠᠴᠢ ᠬᠢᠷᠢ ᠲᠦᠪᠰᠢᠨ ᠠᠴᠠ ᠳᠠᠪᠠᠪᠠ᠃ | ᠣᠶᠢᠷ᠎ᠠ ᠶᠢᠨ ᠵᠢᠯ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠦᠢᠴᠡᠳ | ᠪᠠᠶᠢᠴᠠᠭᠠᠨ ᠰᠤᠳᠤᠯᠤᠯᠲᠠ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠰᠠᠭᠤᠷᠢ | ᠲᠥᠬᠦᠭᠡᠷᠦᠮᠵᠢ ᠶᠢ ᠦᠷᠭᠦᠯᠵᠢᠯᠡᠨ ᠨᠡᠮᠡᠭᠳᠡᠭᠦᠯᠵᠦ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ | ᠢ ᠪᠠᠶᠢᠭᠤᠯᠵᠤ᠂ ᠣᠯᠠᠨ ᠲᠦᠮᠡᠨᠴᠢ ᠬᠥᠳᠡᠯᠭᠡᠭᠡᠨ ᠬᠢᠬᠦ ᠳᠤ ᠳᠥᠭᠦᠮ ᠪᠤᠯᠭᠠᠪᠠ᠃ | ᠡᠭᠦᠨ ᠠᠴᠠ ᠭᠠᠳᠠᠨ᠎ᠠ᠂ ᠠᠶᠢᠮᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠳᠠ ᠶᠢ ᠠᠬᠢᠭᠤᠯᠬᠤ ᠲᠥᠪ | ᠰᠢᠯᠢ ᠶᠢᠨ ᠬᠤᠳᠠ ᠶᠢᠨ ᠪᠡᠶ᠎ᠡ ᠶᠢᠨ ᠲᠠᠮᠢᠷ ᠤᠨ ᠣᠷᠳᠣᠨ᠂ ᠠᠪᠠᠭ᠎ᠠ ᠬᠤᠰᠢᠭᠤᠨ ᠤ ᠪᠡᠶ᠎ᠡ ᠶᠢᠨ ᠲᠠᠮᠢᠷ ᠤᠨ | ᠣᠷᠳᠣᠨ ᠵᠡᠷᠭᠡ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠥᠷᠳᠡᠵᠦ ᠪᠠᠶᠢᠭ᠎ᠠ 17 ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠬᠦᠨ ᠢ ᠦᠨ᠎ᠠ ᠲᠦᠯᠦᠪᠦᠷᠢ ᠦᠭᠡᠢ ᠪᠤᠶᠤ ᠬᠢᠮᠳᠠ ᠰᠦᠢᠳᠬᠡᠯ ᠢᠶᠠᠷ | ᠨᠡᠶᠢᠭᠡᠮ ᠨᠡᠶᠢᠲᠡ ᠳᠤ ᠨᠡᠭᠡᠭᠡᠪᠡ᠃ 2024 ᠣᠨ ᠳᠤ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠵᠢᠯ ᠤᠨ ᠳᠣᠲᠣᠷ᠎ᠠ ᠨᠥᠬᠦᠪᠦᠷᠢ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶᠡᠨ ᠳᠤ | ᠣᠷᠣᠭᠤᠯᠤᠭᠰᠠᠨ 25 ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠬᠦᠨ ᠢ ᠨᠡᠶᠢᠭᠡᠮ | ᠨᠡᠶᠢᠲᠡ ᠳᠤ ᠦᠨ᠎ᠠ ᠲᠦᠯᠦᠪᠦᠷᠢ ᠦᠭᠡᠢ ᠪᠤᠶᠤ ᠬᠢᠮᠳᠠ ᠰᠦᠢᠳᠬᠡᠯ ᠢᠶᠠᠷ ᠨᠡᠭᠡᠭᠡᠪᠡ᠃ | 2023 ᠣᠨ ᠠᠴᠠ ᠨᠠᠭᠠᠰᠢ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠡᠯ᠎ᠡ ᠭᠠᠵᠠᠷ ᠤᠨ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ | ᠤᠶᠠᠯᠳᠤᠭᠤᠯᠤᠨ᠂ ᠪᠥᠬᠦ ᠠᠶᠢᠮᠠᠭ ᠤᠨ ᠠᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠬᠯᠠᠭᠠᠨ᠂ ᠠᠷᠪᠠᠨ | ᠵᠢᠷᠭᠤᠳᠤᠭᠠᠷ ᠬᠤᠭᠤᠴᠠᠭᠠᠨ ᠤ ᠪᠦᠭᠡ ᠶᠢᠨ ᠴᠤᠯᠠ ᠤᠯᠭᠤᠬᠤ ᠨᠠᠶᠢᠷ᠂ ᠠᠷᠪᠠᠨ ᠭᠤᠷᠪᠠᠳᠤᠭᠠᠷ ᠬᠤᠭᠤᠴᠠᠭᠠᠨ ᠤ | ᠨᠠᠰᠤᠲᠠᠶᠢᠴᠤᠳ ᠤᠨ ᠫᠢᠩᠫᠠᠩ ᠪᠥᠮᠪᠦᠭᠡ ᠴᠢᠴᠢᠭᠦᠷ ᠪᠥᠮᠪᠦᠭᠡ ᠶᠢᠨ ᠠᠵᠢᠯᠯᠠᠭ᠎ᠠ ᠵᠡᠷᠭᠡ ᠣᠯᠠᠨ ᠶᠠᠩᠵᠦ ᠶᠢᠨ | ᠤᠷᠤᠯᠳᠤᠭᠠᠨ ᠦᠷᠨᠢᠭᠦᠯᠵᠦ᠂ ᠪᠥᠬᠦ ᠠᠶᠢᠮᠠᠭ ᠤᠨ 2600 ᠭᠠᠷᠤᠢ ᠭᠦᠮᠦᠨ ᠢ ᠤᠷᠤᠯᠴᠠᠭᠤᠯᠪᠠ᠃ ᠡᠭᠦᠨ ᠤ | ᠬᠠᠮᠲᠤ᠂ ᠪᠥᠬᠦ ᠤᠯᠤᠰ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠤᠰᠬᠠᠯ ᠳᠤ ᠢᠳᠡᠪᠬᠢᠲᠡᠢ | ᠠᠭᠤᠰᠤᠯᠴᠠᠵᠤ᠂ ᠣᠯᠠᠨ ᠵᠦᠢᠯ ᠤᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠤᠷᠤᠯᠳᠤᠭᠠᠨ ᠤ ᠠᠵᠢᠯᠯᠠᠭ᠎ᠠ ᠳᠤ ᠪᠦᠯᠬᠦᠮ ᠵᠣᠬᠢᠶᠠᠨ ᠪᠠᠶᠢᠭᠤᠯᠤᠨ ᠤᠷᠤᠯᠴᠠᠭᠤᠯᠪᠠ᠃ 2023 ᠣᠨ ᠤ ᠡᠴᠦᠰ | ᠪᠣᠯᠲᠠᠯ᠎ᠠ᠂ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠰᠠᠨ ᠬᠥᠮᠥᠨ ᠤ | ᠲᠤᠭ᠎ᠠ ᠶᠢᠨ ᠬᠠᠷᠢᠴᠠᠯ 38.7% ᠬᠦᠷᠴᠦ᠂ ᠬᠠᠷᠠᠯᠲᠠ ᠡᠭᠦᠷᠭᠡ ᠠᠴᠠ 0.2% ᠢᠶᠠᠷ ᠲᠠᠪᠠᠵᠦ᠂ ᠪᠥᠬᠦ ᠤᠯᠤᠰ᠂ | ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠭᠰᠠᠨ ᠪᠠᠶᠢᠨ᠎ᠠ᠃ | ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠤᠭᠴᠢ ᠶᠢᠨ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ | ᠡᠷᠡᠭᠦᠯ ᠮᠡᠨᠳᠦ ᠶᠢᠨ ᠬᠥᠳᠡᠯᠭᠡᠭᠡᠨ ᠳᠤ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠴᠢᠬᠤᠯᠠᠴᠢᠯᠠᠵᠤ᠂ ᠡᠯ᠎ᠡ | ᠲᠥᠷᠥᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠠᠵᠢᠯ ᠤᠨ ᠪᠣᠯᠪᠠᠰᠤᠷᠠᠯ ᠢ | ᠢᠳᠡᠪᠬᠢᠲᠡᠢ ᠥᠷᠨᠢᠭᠦᠯᠪᠡ᠃ ᠨᠢᠳᠤᠨᠤᠨ ᠪᠥᠬᠦ ᠠᠶᠢᠮᠠᠭ ᠤᠨ 1717 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠤᠭᠴᠢ ᠳᠤ ᠪᠤᠯᠪᠠᠰᠤᠷᠠᠯ ᠭᠦᠷᠳᠡᠭᠡᠵᠦ᠂ ᠪᠦᠭᠦ ᠠᠶᠢᠮᠠᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠤᠭᠴᠢ 5000 ᠭᠦᠮᠦᠨ ᠢ ᠲᠠᠪᠠᠵᠦ᠂ ᠬᠥᠯ ᠪᠥᠮᠪᠦᠭᠡ ᠠᠯᠠᠭᠠᠳᠠᠬᠤ ᠪᠥᠮᠪᠦᠭᠡ ᠰᠠᠬᠰᠤᠨ ᠪᠦᠮᠪᠦᠭᠡ᠂ | ᠫᠢᠩᠫᠠᠩ ᠪᠥᠮᠪᠦᠭᠡ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠠᠭᠤᠳᠠᠮ ᠲᠠᠯᠠᠪᠠᠶ ᠶᠢᠨ ᠪᠥᠵᠢᠭ ᠵᠡᠷᠭᠡ | ᠡᠯ᠎ᠡ ᠲᠥᠷᠥᠯ ᠤᠨ ᠪᠡᠶ᠎ᠡ ᠶᠢᠨ ᠲᠠᠮᠢᠷ ᠢ ᠬᠠᠮᠤᠷᠪᠠ᠃ |