ᠣᠶᠢᠷ᠎ᠠ ᠶᠢᠨ ᠵᠢᠯ᠂ ᠮᠠᠨ ᠤ ᠠᠶᠢᠮᠠᠭ ᠨᠡᠭᠦᠷᠡᠰᠦᠨ ᠠᠭᠤᠷᠬᠠᠢ ᠶᠢ ᠨᠡᠭᠡᠭᠡᠨ ᠮᠠᠯᠲᠠᠬᠤ᠂ ᠮᠡᠷᠭᠡᠵᠢᠯ᠂ ᠲᠤᠨᠤᠭ | ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠪᠡ᠃ ᠣᠳᠣᠬᠠᠨ ᠳᠤ᠂ ᠰᠢᠯᠢ ᠶᠢᠨ | ᠭᠤᠣᠯ ᠠᠶᠢᠮᠠᠭ ᠤᠨ ᠨᠡᠭᠦᠷᠡᠰᠦᠨ ᠠᠭᠤᠷᠬᠠᠢ ᠳᠤ 5G ᠮᠡᠳᠡᠭᠡ ᠵᠠᠩᠭᠢᠵᠢᠯᠲᠠ ᠶᠢᠨ ᠰᠢᠰᠲ᠋ᠧᠮ ᠵᠡᠷᠭᠡ 294 | ᠵᠦᠢᠯ ᠤᠨ ᠣᠶᠤᠨᠴᠢᠯᠠᠭᠰᠠᠨ ᠲᠦᠷᠦᠯ ᠵᠦᠢᠯ ᠢ ᠪᠠᠶᠢᠭᠤᠯᠵᠤ᠂ ᠨᠡᠶᠢᠲᠡ 19.15 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠪᠡ︔ ᠠᠶᠤᠯ ᠲᠠᠢ ᠠᠵᠢᠯ ᠤᠨ ᠪᠠᠶᠢᠷᠢ ᠳᠠᠬᠢ ᠬᠦᠮᠤᠨ ᠤ ᠬᠥᠴᠥᠨ ᠢ | ᠴᠥᠭᠡᠳᠬᠡᠵᠦ᠂ ᠪᠥᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠪᠦᠭᠡᠳ | ᠥᠨᠳᠥᠷ ᠪᠦᠲᠦᠮᠵᠢᠲᠡᠶ ᠭᠦᠭᠵᠢᠭᠦ ᠶᠢ ᠠᠬᠢᠭᠤᠯᠪᠠ᠃ | ᠣᠶᠢᠷ᠎ᠠ ᠳᠤ᠂ ᠠᠶᠢᠮᠠᠭ ᠤᠨ ᠡᠨᠧᠷᠭᠢ ᠶᠢᠨ ᠲᠣᠪᠴᠢᠶ᠎ᠠ ᠢᠯᠠᠯᠳᠠ ᠪᠠᠷᠠᠭᠤᠨ ᠨᠢᠭᠡᠳᠦᠭᠡᠷ᠂ ᠪᠠᠶᠠᠨᠬᠤᠸᠠ | ᠭᠤᠷᠪᠠᠳᠤᠭᠠᠷ᠂ ᠪᠠᠶᠠᠨᠬᠤᠸᠠ ᠲᠦᠷᠪᠡᠳᠦᠭᠡᠷ ᠵᠡᠷᠭᠡ 3 ᠠᠵᠤ ᠠᠬᠤᠶᠢᠯᠠᠯ ᠢᠶᠠᠷ ᠬᠡᠪ ᠳᠠᠭᠤᠷᠢᠶᠠᠯ ᠪᠣᠯᠭᠠᠵᠤ᠂ ᠪᠦᠬᠦ | ᠠᠶᠢᠮᠠᠭ ᠤᠨ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠬᠡᠪ ᠳᠠᠭᠤᠷᠢᠶᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ | ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠵᠠᠳᠠᠭᠠᠢ ᠨᠡᠭᠦᠷᠡᠰᠦᠨ ᠠᠭᠤᠷᠬᠠᠢ ᠳᠤ ᠵᠢᠯᠣᠭᠤᠴᠢ ᠦᠭᠡᠢ ᠮᠠᠰᠢᠨ ᠢᠶᠠᠷ | ᠪᠠᠶᠢᠩᠭᠤ ᠠᠵᠢᠯᠯᠠᠭᠤᠯᠬᠤ᠂ ᠭᠤᠮ ᠪᠦᠰᠡᠲᠦ ᠮᠠᠰᠢᠨ ᠤ ᠣᠶᠤᠨᠳᠦ ᠲᠣᠭᠤᠷᠢᠨ ᠪᠠᠶᠢᠴᠠᠭᠠᠯᠲᠠ ᠪᠠᠷ ᠪᠦᠬᠦᠨ ᠢ | ᠣᠷᠣᠯᠠᠭᠤᠯᠬᠤ᠂ ᠣᠶᠤᠨᠴᠢᠯᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠭᠦ᠂ | ᠬᠤᠳᠳᠤᠭ ᠤᠨ ᠠᠭᠤᠷᠬᠠᠢ ᠶᠢᠨ ᠣᠶᠤᠨᠴᠢ ᠮᠠᠯᠲᠠᠯᠲᠠ ᠶᠢ ᠳᠡᠯᠭᠡᠷᠡᠭᠦᠯᠦᠨ ᠬᠡᠷᠡᠭᠯᠡᠭᠦ᠂ ᠣᠶᠤᠨᠴᠢᠯᠠᠭᠰᠠᠨ ᠨᠡᠭᠦᠷᠡᠰᠦ | ᠮᠠᠯᠲᠠᠬᠤ ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠴᠠᠬᠢᠯᠭᠠᠨ ᠬᠠᠩᠭᠠᠵᠦ ᠤᠰᠤ ᠵᠠᠯᠠᠬᠤ ᠳᠤ | ᠭᠦᠮᠦᠨ ᠦᠭᠡᠢ ᠪᠠᠷ ᠵᠢᠵᠢᠭᠦᠷᠯᠡᠬᠦᠯᠭᠦ ᠵᠡᠷᠭᠡ 6 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠱᠠᠯᠠᠪᠳᠠᠨ ᠪᠡᠶᠡᠯᠡᠭᠦᠯᠵᠦ | ᠂ ᠲᠤᠭᠠᠴᠢᠯᠬᠠᠰᠠᠨ ᠤᠶᠤᠨᠳᠦ ᠮᠡᠷᠭᠡᠵᠢᠯ ᠬᠢᠭᠡᠳ ᠨᠡᠭᠦᠷᠡᠰᠦᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ | ᠠᠬᠢᠭᠤᠯᠵᠤ᠂ ᠪᠥᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠡᠭᠦᠷᠡᠰᠦᠨ ᠠᠭᠤᠷᠬᠠᠢ ᠶᠢᠨ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠵᠦ ᠪᠠᠶᠢᠨ᠎ᠠ᠃ | 2025 ᠣᠨ ᠤ ᠰᠡᠭᠦᠯᠴᠢ ᠪᠤᠯᠳᠠᠯ᠎ᠠ᠂ ᠮᠠᠨ ᠤ ᠠᠶᠢᠮᠠᠭ ᠵᠠᠳᠠᠭᠠᠢ ᠨᠡᠭᠦᠷᠡᠰᠦᠨ ᠠᠭᠤᠷᠬᠠᠢ ᠶᠢᠨ ᠵᠢᠯᠣᠭᠤᠴᠢ | ᠦᠭᠡᠢ ᠮᠠᠰᠢᠨ ᠤ ᠬᠡᠪᠴᠢᠶ᠎ᠡ ᠶᠢ 180 ᠰᠠᠤᠷᠢ ᠶᠢ ᠳᠠᠪᠠᠭᠤᠯᠵᠤ᠂ ᠵᠢᠯᠣᠭᠤᠴᠢ ᠦᠭᠡᠢ ᠮᠠᠰᠢᠨ ᠤ ᠠᠵᠢᠯᠯᠠᠭᠠᠨ ᠤ | ᠦᠷ᠎ᠡ ᠪᠦᠲᠦᠮᠵᠢ ᠶᠢ ᠵᠢᠯᠣᠭᠤᠴᠢ ᠲᠠᠢ ᠮᠠᠰᠢᠨ ᠤ 80% ᠳᠤ ᠬᠦᠷᠭᠡᠨ᠂ ᠭᠤᠮ ᠪᠦᠰᠡᠲᠦ ᠮᠠᠰᠢᠨ ᠤ ᠣᠶᠤᠨᠳᠦ | ᠲᠣᠭᠤᠷᠢᠨ ᠪᠠᠶᠢᠴᠠᠭᠠᠯᠲᠠ ᠪᠠᠷ ᠣᠷᠣᠯᠠᠭᠤᠯᠬᠤ ᠨᠣᠷᠮ᠎ᠠ ᠶᠢ 80% ᠳᠤ ᠬᠦᠷᠭᠡᠵᠦ᠂ ᠵᠠᠳᠠᠭᠠᠢ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠲᠠᠪᠴᠠᠩ ᠤᠨ ᠬᠡᠷᠡᠭᠯᠡᠯᠲᠡ ᠶᠢ ᠨᠡᠶᠢᠳᠡᠮ ᠪᠦᠷᠬᠦᠭᠦᠯᠬᠦ ᠶᠢ | ᠠᠬᠢᠭᠤᠯᠵᠤ᠂ ᠣᠷᠣᠭᠤᠯᠬᠤ ᠶᠢ ᠵᠥᠪᠰᠢᠶᠡᠷᠡᠬᠦ᠂ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠡᠵᠡᠮᠳᠡᠬᠦ᠂ ᠪᠠᠴᠢᠮ | ᠪᠠᠶᠢᠳᠠᠯ ᠢ ᠠᠷᠭᠠᠴᠠᠭᠠᠬᠤ᠂ ᠪᠣᠯᠪᠠᠰᠤᠷᠠᠯ ᠭᠦᠷᠳᠡᠭᠡᠭᠦ ᠵᠡᠷᠭᠡ 6 ᠵᠦᠢᠯ ᠤᠨ ᠴᠢᠳᠠᠮᠵᠢ ᠶᠢ ᠪᠡᠶᠡᠯᠡᠭᠦᠯᠬᠦ ᠪᠠᠷ ᠪᠠᠶᠢᠨ᠎ᠠ︔ | ᠬᠤᠳᠳᠤᠭ ᠤᠨ ᠨᠡᠭᠦᠷᠡᠰᠦᠨ ᠠᠭᠤᠷᠬᠠᠢ ᠳᠤ ᠣᠶᠤᠨᠴᠢᠯᠠᠭᠰᠠᠨ ᠠᠵᠢᠯ ᠤᠨ ᠬᠡᠪᠴᠢᠶ᠎ᠡ ᠶᠢ ᠪᠠᠶᠢᠩᠭᠤᠵᠢᠭᠤᠯᠤᠨ | ᠠᠵᠢᠯᠯᠠᠭᠤᠯᠬᠤ ᠨᠣᠷᠮ᠎ᠠ ᠶᠢ 80% ᠠᠴᠠ ᠳᠣᠣᠷ᠎ᠠ ᠦᠭᠡᠢ ᠪᠠᠶᠢᠯᠭᠠᠵᠦ᠂ ᠨᠡᠭᠦᠷᠡᠰᠦᠨ ᠠᠭᠤᠷᠬᠠᠢ ᠶᠢᠨ ᠤᠰᠤ | ᠵᠠᠯᠠᠬᠤ᠂ ᠴᠠᠬᠢᠯᠭᠠᠨ ᠬᠠᠩᠭᠠᠬᠤ ᠳᠤ ᠬᠥᠮᠥᠨ ᠦᠭᠡᠢ ᠵᠢᠵᠢᠭᠦᠷᠯᠡᠭᠦ ᠶᠢ ᠪᠡᠶᠡᠯᠡᠭᠦᠯᠵᠦ᠂ ᠬᠤᠳᠳᠤᠭ ᠳᠣᠣᠷᠠᠭᠢ | ᠠᠵᠢᠯᠳᠠᠨ ᠢ 2023 ᠣᠨ ᠤ ᠬᠢ ᠠᠴᠠ 10% ᠠᠴᠠ ᠳᠡᠭᠡᠭᠰᠢ ᠪᠠᠭᠠᠰᠬᠠᠨ᠂ ᠬᠦᠨᠳᠦ ᠶᠡᠭᠡ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠨᠡᠭᠦᠷᠡᠰᠦᠨ ᠠᠭᠤᠷᠬᠠᠢ ᠶᠢᠨ ᠮᠥᠨ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | |