ᠳᠡᠭᠡᠷ᠎ᠡ ᠬᠠᠭᠠᠰ ᠵᠢᠯ ᠳᠤ ᠮᠠᠨ ᠤ ᠠᠶᠢᠮᠠᠭ ᠤᠨ ᠠᠵᠤ ᠦᠢᠯᠡᠳᠪᠦᠷᠢ ᠶᠢᠨ ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠦᠭᠡᠷᠡᠴᠢᠯᠡᠯᠲᠡ ᠮᠡᠳᠡᠭᠳᠡᠮ᠎ᠠ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/8/22
     ᠤᠶᠢᠷ᠎ᠠ ᠳᠤ᠂ ᠰᠤᠷᠪᠤᠯᠵᠢᠯᠠᠭᠴᠢ ᠪᠥᠬᠦ ᠠᠶᠢᠮᠠᠭ ᠤᠨ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ ᠠᠵᠤ ᠠᠬᠤᠶᠢᠯᠠᠯ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠠ ᠬᠠᠭᠠᠰ ᠵᠢᠯ ᠳᠤ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠬᠦᠷᠢᠶᠡᠨ ᠳᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠲᠠᠯ᠎ᠠ ᠪᠠᠷ ᠴᠢᠬᠤᠯᠠ ᠠᠬᠢᠯᠲᠠ ᠲᠠᠢ ᠪᠣᠯᠵᠠᠢ᠃ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︽2024 ᠣᠨ ᠤ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠤᠨ ᠲᠥᠰᠥᠯ︾ ᠢ ᠲᠣᠭᠲᠠᠭᠠᠵᠦ᠂  ᠳ᠋ᠠ ᠲᠠᠩ ᠤᠨ ᠳᠣᠯᠣᠨ ᠨᠤᠤᠷ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠴᠠᠷᠴᠠᠭᠠᠮᠠᠯ ᠰᠢᠩᠭᠡᠨ ᠤ ᠰᠢᠰᠲ᠋ᠧᠮ ᠤᠨ ᠥᠭᠡᠷᠡᠴᠢᠯᠡᠯᠲᠡ᠂  ᠳ᠋ᠠ ᠲᠠᠩ ᠤᠨ ᠳ᠋ᠢᠩ ᠸᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠦᠷᠡᠩ ᠨᠡᠭᠦᠷᠡᠰᠦ ᠶᠢ ᠬᠠᠳᠠᠭᠠᠬᠤ ᠵᠡᠷᠭᠡ ᠶᠢ ᠪᠠᠭᠲᠠᠭᠠᠭᠰᠠᠨ 35 ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠵᠢᠱᠢᠯᠲᠠ ᠪᠠᠷ ᠵᠢᠯ ᠳᠤ 19.47 ᠲᠦᠮᠡᠨ ᠲᠣᠨ ᠪᠠᠷᠢᠮᠵᠢᠶ᠎ᠠ ᠨᠡᠭᠦᠷᠡᠰᠦ ᠶᠢ ᠠᠷᠪᠢᠯᠠᠬᠤ ᠪᠤᠯᠤᠨ᠎ᠠ᠃      ᠣᠳᠤᠬᠠᠨ ᠪᠣᠯᠲᠠᠯ᠎ᠠ᠂ ᠨᠢᠭᠡᠨᠲᠡ 14 ᠲᠥᠷᠥᠯ ᠵᠦᠢᠯ ᠤᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠵᠤ᠂ 3.8 ᠲᠦᠮᠡᠨ ᠲᠣᠨ ᠪᠠᠷᠢᠮᠵᠢᠶ᠎ᠠ ᠨᠡᠭᠦᠷᠡᠰᠦ ᠶᠢ ᠠᠷᠪᠢᠯᠠᠪᠠ᠃ ᠡᠭᠦᠨ ᠤ ᠬᠠᠮᠲᠤ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠᠰᠠ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠤᠷᠢᠵᠤ ᠳ᠋ᠠ ᠲᠠᠩ ᠤᠨ ᠳᠣᠯᠣᠨ ᠨᠤᠤᠷ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ 14 ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠬᠡᠷᠡᠭᠯᠡᠵᠦ ᠪᠠᠶᠢᠭ᠎ᠠ ᠪᠠᠶᠢᠳᠠᠯ ᠳᠤ ᠪᠦᠬᠦ ᠲᠠᠯ᠎ᠠ ᠶᠢᠨ ᠵᠠᠳᠠᠯᠤᠯᠲᠠ ᠪᠠ ᠦᠨᠡᠯᠡᠨ ᠵᠢᠱᠢᠯᠲᠠ ᠬᠢᠯᠭᠡᠵᠦ᠂ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃      ᠮᠠᠨ ᠤ ᠠᠶᠢᠮᠠᠭ ᠬᠤᠴᠤᠷᠤᠩᠭᠤᠢ ᠡᠨᠧᠷᠭᠢ ᠬᠡᠷᠡᠭᠯᠡᠬᠦ ᠲᠤᠨᠤᠭ ᠲᠥᠬᠦᠭᠡᠷᠦᠮᠵᠢ ᠶᠢ ᠰᠢᠭᠰᠢᠭᠳᠡᠭᠦᠯᠦᠨ ᠰᠢᠨᠡᠳᠬᠡᠬᠦ ᠡᠷᠴᠢᠮ ᠢᠶᠠᠨ ᠴᠢᠩᠭᠠᠷᠠᠭᠤᠯᠵᠤ᠂ 2024 ᠣᠨ ᠳᠤ ᠳ᠋ᠠ ᠲᠠᠩ ᠤᠨ ᠲᠤᠯᠤᠨ ᠨᠤᠤᠷ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠶᠢᠨ ᠡᠷᠢᠶᠡᠨ ᠤ ᠬᠤᠪᠢᠶᠠᠷᠢ ᠺᠣᠮᠫᠠᠨᠢ᠂ ᠱᠠᠩᠳᠤ ᠶᠢᠨ ᠴᠠᠬᠢᠯᠭᠠᠨ ᠦᠢᠯᠡᠳᠪᠦᠷᠢ ᠵᠡᠷᠭᠡ ᠶᠢ ᠪᠠᠭᠲᠠᠭᠠᠭᠰᠠᠨ 15 ᠭᠤᠣᠯᠳᠠᠯᠭ᠎ᠠ ᠲᠠᠢ ᠠᠵᠤ ᠠᠬᠤᠶᠢᠯᠠᠯ ᠤᠨ 432 ᠢᠵᠢ ᠬᠤᠴᠤᠷᠤᠩᠭᠤᠢ ᠲᠤᠨᠤᠭ ᠲᠥᠬᠦᠭᠡᠷᠦᠮᠵᠢ ᠶᠢ ᠰᠢᠭᠰᠢᠭᠳᠡᠭᠦᠯᠬᠦ ᠶᠢ ᠭᠤᠤᠯᠳᠠᠯᠭ᠎ᠠ ᠲᠠᠢ ᠠᠬᠢᠭᠤᠯᠵᠦ᠂ ᠵᠢᠱᠢᠯᠲᠡ ᠪᠠᠷ ᠵᠢᠯ ᠳᠤ 0.31 ᠲᠦᠮᠡᠨ ᠲᠣᠨ ᠪᠠᠷᠢᠮᠵᠢᠶ᠎ᠠ ᠨᠡᠭᠦᠷᠡᠰᠦ ᠶᠢ ᠠᠷᠪᠢᠯᠠᠬᠤ ᠪᠣᠯᠣᠨ᠎ᠠ᠃ ᠣᠳᠤᠬᠠᠨ ᠪᠣᠯᠲᠠᠯ᠎ᠠ᠂ 143 ᠢᠵᠢ ᠬᠤᠴᠤᠷᠤᠩᠭᠤᠢ ᠲᠤᠨᠤᠭ ᠲᠥᠬᠦᠭᠡᠷᠦᠮᠵᠢ ᠶᠢ ᠰᠢᠭᠰᠢᠭᠳᠡᠭᠦᠯᠦᠨ ᠰᠣᠯᠢᠬᠤ ᠠᠵᠢᠯ ᠢ ᠨᠢᠭᠡᠨᠲᠡ ᠪᠡᠶᠡᠯᠡᠭᠦᠯᠵᠦ᠂ 0.17 ᠲᠦᠮᠡᠨ ᠲᠣᠨ ᠪᠠᠷᠢᠮᠵᠢᠶ᠎ᠠ ᠨᠡᠭᠦᠷᠡᠰᠤ ᠠᠷᠪᠢᠯᠠᠵᠠᠢ᠃      ᠤᠰᠤ ᠠᠷᠪᠢᠯᠠᠬᠤ ᠥᠭᠡᠷᠡᠴᠢᠯᠡᠯᠲᠡ ᠶᠢᠨ ᠠᠵᠢᠯ ᠢ ᠵᠡᠷᠭᠡᠪᠡᠷ ᠠᠬᠢᠭᠤᠯᠬᠤ ᠶᠢᠨ ᠲᠥᠯᠥᠭᠡ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠤᠰᠤ ᠬᠡᠷᠡᠭᠯᠡᠬᠦ ᠠᠵᠤ ᠠᠬᠤᠶᠢᠯᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠭᠤᠣᠯᠳᠠᠭᠤ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠳᠤ ᠳᠠᠬᠢᠯᠲᠠ ᠤᠰᠤ ᠶᠢ ᠰᠶᠢᠳᠪᠦᠷᠢᠯᠡᠬᠦ᠂ ᠤᠷᠴᠢᠯ ᠬᠦᠷᠦᠬᠡᠯᠲᠠ ᠶᠢᠨ ᠰᠢᠰᠲ᠋ᠧᠮ ᠢ ᠲᠠᠰ ᠳᠡᠪᠰᠢᠭᠦᠯᠬᠦ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠣᠳᠣᠬᠠᠨ ᠳᠤ᠂ ᠪᠥᠬᠦ ᠠᠶᠢᠮᠠᠭ ᠲᠤ ᠵᠢᠯ ᠳᠤ 5000 ᠪᠣᠰᠤᠭ᠎ᠠ ᠳᠥᠷᠪᠡᠯᠵᠢᠨ  ᠮᠧᠲᠷ ᠠᠴᠠ ᠳᠡᠭᠡᠭᠰᠢ ᠤᠰᠤ ᠬᠡᠷᠡᠭᠯᠡᠵᠦ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 117 ᠪᠠᠶᠢᠵᠤ᠂ ᠴᠥᠮ ᠤᠰᠤ ᠲᠠᠲᠠᠬᠤ ᠭᠠᠷᠳᠠᠮ ᠢ ᠭᠦᠢᠴᠡᠳᠬᠡᠭᠰᠡᠨ ᠪᠥᠭᠡᠳ ᠤᠰᠤᠨ ᠤ ᠬᠡᠮᠵᠢᠭᠦᠷ ᠢ ᠤᠭᠰᠠᠷᠠᠭᠰᠠᠨ ᠪᠠᠶᠢᠨ᠎ᠠ᠃ ᠵᠢᠯ ᠤᠨ ᠳᠣᠲᠣᠷ᠎ᠠ᠂  ᠳ᠋ᠠ ᠲᠠᠩ ᠤᠨ ᠲᠤᠯᠤᠨ ᠨᠤᠤᠷ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠶᠢ ᠪᠠᠭᠲᠠᠭᠠᠭᠰᠠᠨ 8 ᠠᠵᠤ ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠠᠬᠢᠭᠤᠯᠵᠤ᠂ ᠵᠢᠯ ᠳᠤ 84.8 ᠲᠦᠮᠡᠨ ᠪᠣᠰᠤᠭ᠎ᠠ ᠳᠥᠷᠪᠡᠯᠵᠢᠨ  ᠮᠧᠲᠷ  ᠤᠰᠤ ᠶᠢ ᠠᠷᠪᠢᠯᠠᠬᠤ ᠪᠣᠯᠣᠨ᠎ᠠ᠃ ᠡᠭᠦᠨ ᠤ ᠬᠠᠮᠲᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠴᠤ ᠶᠡᠬᠡᠪᠡᠷ ᠠᠬᠢᠭᠤᠯᠵᠤ᠂ ᠲᠠᠶᠢᠹᠦᠰᠧ ᠬᠤᠰᠢᠭᠤᠨ ᠤ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢ ᠳᠡᠭᠡᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠣᠯᠭᠠᠨ ᠠᠮᠵᠢᠯᠲᠠ ᠲᠠᠢ ᠡᠭᠦᠳᠦᠨ ᠪᠠᠶᠢᠭᠤᠯᠵᠤ᠂ ᠣᠳᠣᠬᠠᠨ ᠳᠤ ᠪᠥᠬᠦ ᠠᠶᠢᠮᠠᠭ ᠤᠨ ᠬᠤᠶᠠᠷ ᠠᠵᠤ ᠠᠬᠤᠶᠢᠯᠠᠯ ᠡᠨᠡ ᠬᠦ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠨᠢᠭᠡᠨᠲᠡ 13 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠣᠬᠢᠷᠲᠤᠯ ᠦᠭᠡᠢ ᠦᠢᠯᠡᠳᠬᠦ ᠰᠢᠰᠲ᠋ᠧᠮ ᠤᠨ ᠵᠢᠱᠢᠶ᠎ᠡ ᠦᠵᠡᠭᠦᠯᠬᠦ ᠨᠢᠭᠡᠴᠢ ᠶᠢ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃ ᠡᠭᠦᠨ ᠳᠤ᠂ ᠰᠥᠨᠢᠳ ᠵᠡᠭᠦᠨ ᠬᠤᠰᠢᠭᠤᠨ ᠤ ᠮᠠᠨᠳᠠᠯᠲᠦ ᠤᠯᠠᠭᠠᠨ ᠢᠳᠡᠭᠡᠨ ᠤ ᠬᠢᠵᠠᠭᠠᠷᠲᠦ ᠺᠤᠮᠫᠠᠨᠢ ᠵᠡᠷᠭᠡ 7 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠦᠢᠯᠡᠳᠪᠦᠷᠢ ᠪᠣᠯᠭᠠᠨ ᠠᠮᠵᠢᠯᠲᠠ ᠲᠠᠢ ᠡᠭᠦᠳᠦᠨ ᠪᠠᠶᠢᠭᠤᠯᠵᠤ᠂ ᠠᠪᠠᠭ᠎ᠠ ᠬᠤᠰᠢᠭᠤᠨ ᠤ ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠠᠵᠤ ᠠᠬᠤᠶᠢᠯᠠᠯ ᠪᠣᠯᠭᠠᠨ ᠡᠭᠦᠳᠦᠨ ᠪᠠᠶᠢᠭᠤᠯᠪᠠ᠃ ᠣᠳᠤᠬᠠᠨ ᠪᠣᠯᠲᠠᠯ᠎ᠠ᠂ ᠪᠥᠬᠦ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠦᠭᠡᠢ ᠦᠢᠯᠡᠳᠪᠦᠷᠢ ᠨᠡᠶᠢᠲᠡ 18 ᠪᠣᠯᠵᠤ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠠᠵᠤ ᠠᠬᠤᠶᠢᠯᠠᠯ ᠤᠨ ᠬᠤᠭᠤᠰᠤᠨ ᠢ ᠨᠦᠬᠦᠪᠦᠷᠢᠯᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号