ᠰᠤᠷᠪᠤᠯᠵᠢᠯᠠᠭᠴᠢ ᠲᠤᠮᠳᠠᠳᠦ ᠤᠯᠤᠰ ᠤᠨ ᠠᠷᠠᠳ ᠤᠨ ᠪᠠᠩᠭᠢ ᠶᠢᠨ ᠰᠢᠯᠢ ᠶᠢᠨ ᠭᠤᠤᠯ ᠠᠶᠢᠮᠠᠭ ᠤᠨ | ᠬᠤᠪᠢᠶᠠᠷᠢ ᠪᠠᠩᠭᠢ ᠶᠢᠨ ᠰᠤᠨᠢᠨ ᠮᠡᠳᠡᠭᠡ ᠨᠡᠶᠢᠳᠡᠯᠡᠭᠦ ᠬᠤᠷᠠᠯ ᠠᠴᠠ ᠤᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ | ᠪᠤᠯᠳᠠᠯ᠎ᠠ᠂ ᠪᠥᠬᠦ ᠠᠶᠢᠮᠠᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ | ᠲᠦᠷᠦᠯ ᠤᠨ ᠵᠢᠭᠡᠯᠡᠯᠭᠡ ᠶᠢᠨ ᠦᠯᠡᠳᠡᠪᠦᠷᠢ ᠮᠦᠡᠭᠭᠦ 1371.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠵᠢᠯ ᠤᠨ ᠠᠳᠠᠯᠢ | ᠬᠤᠭᠤᠴᠠᠭᠠᠨ ᠤ ᠬᠢ ᠠᠴᠠ 3.6 ᠵᠠᠭᠤᠨ ᠤ ᠨᠢᠭᠡᠴᠢ ᠳᠡᠭᠡᠭᠰᠢᠯᠡᠵᠦ᠂ ᠣᠶᠢᠷ᠎ᠠ ᠶᠢᠨ 10 ᠵᠢᠯ ᠤᠨ ᠠᠳᠠᠯᠢ | ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃ ᠣᠶᠢᠷ᠎ᠠ ᠶᠢᠨ ᠭᠤᠷᠪᠠᠨ ᠵᠢᠯ ᠳᠤ᠂ ᠪᠥᠬᠦ ᠠᠶᠢᠮᠠᠭ ᠤᠨ | ᠵᠢᠭᠡᠯᠡᠯᠭᠡ ᠶᠢᠨ ᠦᠯᠡᠳᠡᠪᠦᠷᠢ ᠮᠦᠡᠭᠭᠦ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠪᠥᠬᠦ ᠣᠷᠣᠨ ᠤ ᠳᠤᠮᠳᠠᠴᠢ | ᠬᠢᠷᠢ ᠲᠦᠪᠰᠢᠨ ᠠᠴᠠ ᠥᠨᠳᠥᠷ ᠪᠠᠶᠢᠵᠤ᠂ ᠣᠳᠣᠬᠠᠨ ᠳᠤ ᠡᠨᠡ ᠬᠦ ᠪᠠᠶᠢᠳᠠᠯ ᠢ ᠮᠥᠨ ᠬᠦ ᠪᠠᠲᠤᠯᠠᠭᠰᠠᠭᠠᠷ ᠪᠠᠶᠢᠨ᠎ᠠ᠃ | 6 ᠰᠠᠷ᠎ᠠ ᠶᠢᠨ ᠰᠡᠭᠦᠯᠴᠢ ᠪᠤᠯᠳᠠᠯ᠎ᠠ᠂ ᠪᠥᠬᠦ ᠠᠶᠢᠮᠠᠭ ᠤᠨ ᠠᠵᠤ ᠠᠬᠤᠶᠢᠯᠠᠯ ᠠᠵᠢᠯ ᠦᠢᠯᠡᠰ ᠤᠨ ᠵᠢᠭᠡᠯᠡᠯᠭᠡ ᠶᠢᠨ | ᠦᠯᠡᠳᠡᠪᠦᠷᠢ ᠮᠦᠡᠭᠭᠦ 821.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 17% ᠪᠠᠷ ᠨᠡᠮᠡᠭᠳᠡᠪᠡ︔ ᠪᠥᠬᠦ ᠠᠶᠢᠮᠠᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠵᠢᠭᠡᠯᠡᠯᠭᠡ ᠶᠢᠨ ᠦᠯᠡᠳᠡᠪᠦᠷᠢ ᠮᠦᠡᠭᠭᠦ 478.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 21.1% ᠪᠠᠷ ᠨᠡᠮᠡᠭᠳᠡᠪᠡ︔ ᠪᠥᠬᠦ ᠠᠶᠢᠮᠠᠭ ᠤᠨ ᠰᠢᠨᠵᠢᠯᠡᠬᠦ ᠮᠡᠷᠭᠡᠵᠢᠯ ᠤᠨ ᠠᠵᠤ | ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠮᠦᠡᠭᠭᠦ 79.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 70.7% ᠪᠠᠷ ᠨᠡᠮᠡᠭᠳᠡᠪᠡ︔ ᠪᠥᠬᠦ ᠠᠶᠢᠮᠠᠭ ᠤᠨ ᠪᠣᠬᠢᠷᠲᠤᠯ ᠦᠭᠡᠢ ᠵᠢᠭᠡᠯᠡᠯᠭᠡ ᠶᠢᠨ | ᠦᠯᠡᠳᠡᠪᠦᠷᠢ ᠮᠦᠡᠭᠭᠦ 423.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37. | 7% ᠪᠠᠷ ᠨᠡᠮᠡᠭᠳᠡᠪᠡ᠃ | ᠮᠠᠯᠵᠢᠬᠤ ᠲᠠᠷᠢᠶᠠᠯᠠᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ | ᠠᠬᠢᠭᠤᠯᠬᠤ ᠶᠠᠪᠤᠴᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ | ᠬᠤᠪᠢᠶᠠᠷᠢ ᠪᠠᠩᠬᠢ ᠢᠳᠡᠪᠬᠢᠲᠡᠢ ᠪᠠᠷ ᠠᠷᠭ᠎ᠠ ᠬᠡᠮᠵᠢᠶ᠎ᠡ ᠠᠪᠴᠤ᠂ ᠭᠠᠮᠰᠢᠭᠳᠠᠭᠰᠠᠨ ᠮᠠᠯᠵᠢᠬᠤ ᠡᠷᠦᠬᠡ ᠶᠢ | ᠬᠠᠪᠰᠤᠷᠤᠨ ᠬᠦᠴᠢᠷ ᠢ ᠳᠤᠭᠤᠯᠵᠤ᠂ ᠣᠳᠣᠬᠠᠨ ᠳᠤ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ | ᠡᠷᠢᠶᠡᠨ ᠬᠤᠲᠠ ᠶᠢᠨ ᠬᠠᠤᠯᠢ ᠶᠢᠨ ᠡᠷᠬᠡᠲᠡᠨ ᠤ ᠪᠠᠩᠬᠢ ᠳᠤ ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠦ | ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢ 0.8 ᠳ᠋ᠦᠩᠰᠢᠭᠤᠷ ᠲᠥᠭᠦᠷᠢᠭ ᠲᠠᠷᠬᠠᠭᠠᠵᠤ᠂ ᠦᠯᠡᠳᠡᠪᠦᠷᠢ | ᠮᠦᠡᠭᠭᠦ ᠨᠢ 2.1 ᠳ᠋ᠦᠩᠰᠢᠭᠤᠷ ᠲᠥᠭᠦᠷᠢᠭ ᠪᠣᠯᠪᠡ᠃ ᠭᠤᠷᠪᠠᠨ ᠭᠠᠵᠠᠷ ᠤᠨ 117 ︽ᠮᠥᠩᠭᠦᠨ ᠭᠦᠢᠯᠭᠡᠭᠡᠨ ᠤ | ᠳᠡᠳ᠋ ᠲᠣᠰᠬᠤᠨ ᠤ ᠳᠠᠷᠤᠭ᠎ᠠ︾ 214 ᠦᠢᠯᠡᠴᠢᠯᠡᠭᠡᠨ ᠤ ᠡᠷᠦᠬᠡ ︵ᠤᠳᠠᠭ᠎ᠠ︶ ᠲᠠᠢ ᠵᠣᠯᠭᠠᠭᠤᠯᠵᠤ᠂ 0.7 | ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠵᠤ᠂ ᠢᠲᠡᠭᠡᠮᠵᠢ ᠶᠢ ᠬᠡᠷᠡᠭᠯᠡᠭᠰᠡᠨ ᠨᠣᠷᠮ᠎ᠠ ᠨᠢ 98.5% ᠳᠤ | ᠬᠥᠷᠪᠡ︔ 3 ᠬᠠᠤᠯᠢ ᠶᠢᠨ ᠡᠷᠬᠡᠲᠡᠨ ᠤ ᠪᠠᠶᠢᠭᠤᠯᠤᠮᠵᠢ ᠠᠴᠠ ᠭᠤᠷᠪᠠᠨ ᠵᠢᠯ ᠪᠡᠯᠴᠢᠭᠡᠷ ᠨᠢ ᠨᠤᠭᠤᠭᠠᠷᠠᠭᠠᠳᠤᠢ 7 | ᠰᠤᠮᠤ ᠶᠢᠨ 118 ᠡᠷᠦᠭᠡ ᠶᠢᠨ ᠮᠠᠯᠴᠢᠨ ᠲᠠᠷᠢᠶᠠᠴᠢᠨ ᠳᠤ 0.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ | ᠬᠤᠭᠤᠴᠠᠭ᠎ᠠ ᠶᠢ ᠨᠢ ᠤᠷᠲᠤᠳᠬᠠᠨ ᠦᠷᠭᠦᠯᠵᠢᠯᠡᠨ ᠵᠢᠭᠡᠯᠡᠭᠦᠯᠪᠡ︔ 590 ᠮᠠᠯᠵᠢᠬᠤ ᠲᠠᠷᠢᠶᠠᠯᠠᠬᠤ ᠡᠷᠦᠬᠡ ᠶᠢᠨ 1 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠦᠦ ᠮᠥᠩᠭᠦ ᠶᠢ ᠪᠠᠭᠤᠷᠠᠭᠤᠯᠵᠤ᠂ ᠳᠤᠮᠳᠠᠴᠢ ᠪᠠᠷ 3.5 ᠵᠠᠭᠤᠨ ᠤ | ᠨᠢᠭᠡᠴᠢ ᠪᠠᠭᠤᠷᠠᠭᠤᠯᠤᠨ᠂ ᠵᠢᠯ ᠤᠨ 340 ᠲᠦᠮᠡᠨ ᠲᠥᠭᠦᠷᠢᠭ ᠤᠨ ᠬᠦᠦ ᠮᠥᠩᠭᠦ ᠶᠢ ᠨᠢ ᠠᠷᠪᠢᠯᠠᠵᠦ ᠦᠭᠪᠡ︔ | 145 ᠮᠠᠯᠵᠢᠬᠤ ᠲᠠᠷᠢᠶᠠᠯᠠᠬᠤ ᠡᠷᠦᠬᠡ ᠳᠤ ᠲᠤᠤᠷ᠎ᠠ ᠭᠦᠦ ᠮᠦᠡᠭᠭᠦ ᠪᠠᠷ 0.2 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠪᠠ᠃ |