12306 ᠦᠢᠯᠡᠴᠢᠯᠡᠭᠡᠨ ᠤ ᠲᠥᠪ ᠰᠢᠨ᠎ᠡ ᠴᠢᠳᠠᠮᠵᠢ ᠭᠠᠷᠭᠠᠪᠠ
ᠨᠡᠶᠢᠲᠡᠯᠡᠭᠰᠡᠨ ᠴᠠᠭ᠄
2024/8/22
     ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠥᠯᠥᠭᠡ ᠲᠡᠮᠦᠷ ᠵᠠᠮ ᠤᠨ ᠰᠠᠯᠠᠭ᠎ᠠ ᠮᠥᠴᠢᠷ ᠠᠴᠠ 12306 ᠦᠢᠯᠡᠴᠢᠯᠡᠭᠡᠨ ᠤ ᠲᠥᠪ  ᠰᠤᠷᠤᠭᠴᠢᠳ ᠤᠨ ᠪᠢᠯᠧᠲ ᠬᠤᠳᠠᠯᠳᠤᠨ ᠠᠪᠬᠤ ᠬᠠᠮᠢᠶ᠎ᠠ ᠪᠥᠬᠦᠶ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠪᠡ᠃      ︽ᠰᠤᠷᠤᠭᠴᠢᠳ ᠤᠨ ᠪᠢᠯᠧᠲ ᠵᠠᠬᠢᠶᠠᠯᠠᠬᠤ ᠦᠢᠯᠡᠴᠢᠯᠡᠭᠡ︾ ᠶᠢᠨ ᠴᠢᠳᠠᠮᠵᠢ      8 ᠰᠠᠷ᠎ᠠ ᠶᠢᠨ 20 ᠤ ᠡᠳᠦᠷ ᠠᠴᠠ 9 ᠰᠠᠷ᠎ᠠ ᠶᠢᠨ 8 ᠤ ᠡᠳᠦᠷ ᠪᠣᠯᠲᠠᠯ᠎ᠠ ᠡᠳᠦᠷ ᠪᠦᠷᠢ ᠶᠢᠨ 5᠄ 00 ᠴᠠᠭ ᠠᠴᠠ 23᠄ 00 ᠴᠠᠭ ᠪᠣᠯᠲᠠᠯ᠎ᠠ᠂ ᠲᠡᠮᠦᠷ ᠵᠠᠮ ᠤᠨ ᠰᠠᠯᠠᠭ᠎ᠠ ᠮᠥᠴᠢᠷ ᠠᠴᠠ 12306 ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ ᠪᠠᠨ ᠰᠣᠷᠣᠭᠴᠢ ︵ᠰᠣᠷᠣᠭᠴᠢ ᠶᠢᠨ ᠬᠠᠷᠠᠭᠠᠯᠵᠠᠯ ᠤᠨ ᠬᠢᠷᠢ ᠬᠡᠮ ᠤᠨ ᠬᠢᠨᠠᠨ ᠰᠢᠯᠭᠠᠯᠲᠠ ᠶᠢᠨ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠴᠢᠬᠤᠯᠠᠲᠠᠶ︶ ᠭᠡᠵᠦ ᠪᠢᠴᠢᠭᠰᠡᠨ ᠬᠦᠮᠦᠰ ᠲᠤ ᠴᠢᠭᠯᠡᠬᠦᠯᠦᠨ᠂ ︽ᠮᠢᠨᠦ︾ ᠭᠡᠬᠦ ᠨᠢᠭᠤᠷ ᠤᠨ ᠡᠭᠡᠯᠵᠢᠯᠡᠨ ᠨᠡᠪᠲᠡᠷᠡᠭᠦᠯᠬᠦ ᠲᠣᠭᠤᠷᠢᠭ ᠲᠤ ︽ᠰᠣᠷᠣᠭᠴᠢ ᠶᠢᠨ ᠪᠢᠯᠧᠲ ᠵᠠᠬᠢᠶᠠᠯᠠᠨ ᠬᠤᠳᠠᠯᠳᠤᠨ ᠠᠪᠬᠤ ᠦᠢᠯᠡᠴᠢᠯᠡᠭᠡ︾ ᠶᠢᠨ ᠣᠷᠣᠬᠤ ᠡᠭᠦᠳᠡ ᠶᠢ ᠨᠡᠮᠡᠵᠦ ᠭᠠᠷᠭᠠᠪᠠ᠂ ᠡᠨᠡ ᠬᠦ ᠣᠷᠣᠬᠤ ᠡᠭᠦᠳᠡ ᠪᠠᠷ 9 ᠰᠠᠷ᠎ᠠ ᠶᠢᠨ 5 ᠤ ᠡᠳᠦᠷ ᠠᠴᠠ 9 ᠰᠠᠷ᠎ᠠ ᠶᠢᠨ 23 ᠤ ᠡᠳᠦᠷ ᠪᠣᠯᠲᠠᠯ᠎ᠠ ᠪᠢᠯᠧᠲ ᠵᠠᠬᠢᠶᠠᠯᠠᠵᠤ ᠪᠣᠯᠤᠨ᠎ᠠ᠃ ᠤᠷᠢᠳᠴᠢᠯᠠᠨ ᠬᠤᠳᠠᠯᠳᠤᠬᠤ ᠬᠤᠭᠤᠴᠠᠭ᠎ᠠ ︵9 ᠰᠠᠷ᠎ᠠ ᠶᠢᠨ 5 ᠤ ᠡᠳᠦᠷ ᠤᠨ ᠳᠣᠲᠣᠷ᠎ᠠ︶ ᠳᠤ ᠤᠷᠤᠭᠰᠠᠨ ᠲᠡᠷᠭᠡᠨ ᠪᠢᠯᠧᠲ ᠢ ᠬᠡᠪ ᠤᠨ ᠠᠷᠭ᠎ᠠ ᠪᠠᠷ ᠬᠤᠳᠠᠯᠳᠤᠨ᠎ᠠ᠂ ᠬᠡᠷᠪᠡ ᠲᠡᠷᠭᠡᠨ ᠪᠢᠯᠧᠲ ᠢ ᠬᠤᠳᠠᠯᠳᠤᠭᠠᠳ ᠪᠠᠷᠠᠴᠢᠬᠠᠪᠠᠯ᠂ ᠣᠷᠣᠯᠠᠭᠴᠢ ᠴᠢᠳᠠᠮᠵᠢ ᠶᠢ ᠬᠡᠷᠡᠭᠯᠡᠵᠦ ᠪᠣᠯᠤᠨ᠎ᠠ᠃      ︽ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠴᠢᠳᠠᠮᠵᠢ      8 ᠰᠠᠷ᠎ᠠ ᠶᠢᠨ 20 ᠤ ᠡᠳᠦᠷ ᠠᠴᠠ 9 ᠰᠠᠷ᠎ᠠ ᠶᠢᠨ 23 ᠤ ᠡᠳᠦᠷ ᠪᠣᠯᠲᠠᠯ᠎ᠠ᠂ 12306 ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ ᠪᠠᠨ ᠰᠣᠷᠣᠭᠴᠢ ︵ᠰᠣᠷᠣᠭᠴᠢ ᠶᠢᠨ ᠬᠠᠷᠠᠭᠠᠯᠵᠠᠯ ᠤᠨ ᠬᠢᠷᠢ ᠬᠡᠮ ᠢ ᠬᠢᠨᠠᠨ ᠰᠢᠯᠭᠠᠭᠰᠠᠨ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠴᠢᠬᠤᠯᠠᠲᠠᠶ︶ ᠭᠡᠵᠦ ᠪᠢᠴᠢᠭᠰᠡᠨ ᠬᠦᠮᠦᠰ ᠰᠦᠯᠵᠢᠶ᠎ᠠ ᠳᠤ ᠭᠠᠷᠤᠬᠰᠠᠨ ᠤ ᠳᠠᠷᠠᠭ᠎ᠠ ᠲᠦᠷᠦᠭᠦᠦ ᠨᠢᠭᠤᠷ ᠤᠨ ︽ᠭᠠᠯᠲᠤ ᠲᠡᠷᠭᠡᠨ ᠤ ᠪᠢᠯᠧᠲ︾ ᠤᠨ ᠪᠢᠯᠧᠲ ᠬᠤᠳᠠᠯᠳᠤᠨ ᠠᠪᠬᠤ ᠨᠢᠭᠤᠷ ᠲᠤ ᠭᠠᠯᠳᠤ ᠲᠡᠷᠭᠡᠨ ᠳᠤ ᠭᠠᠷᠬᠤ ᠦᠷᠳᠡᠭᠡ ᠪᠠ ᠬᠦᠷᠬᠦ ᠥᠷᠲᠡᠭᠡ᠂ ᠭᠠᠯᠳᠤ ᠲᠡᠷᠭᠡᠨ ᠳᠤ ᠰᠠᠭᠤᠬᠤ ᠡᠳᠦᠷ ᠬᠤᠭᠤᠴᠠᠭ᠎ᠠ ᠪᠠᠨ ᠪᠢᠴᠢᠵᠦ ᠤᠷᠤᠭᠤᠯᠤᠭᠠᠳ᠂ ︽ᠰᠢᠭᠤᠳ ᠬᠥᠷᠬᠦ︾ ᠪᠠ ︽ᠲᠡᠷᠭᠡ ᠰᠤᠯᠢᠬᠤ︾ ᠨᠢᠭᠤᠷ ᠠᠴᠠ ᠦᠷ᠎ᠡ ᠳ᠋ᠦᠩ ᠢ ᠠᠰᠠᠭᠤᠨ ᠯᠠᠪᠯᠠᠵᠦ ᠪᠤᠯᠤᠨ᠎ᠠ᠂ ᠴᠢᠨᠦ ᠰᠠᠭᠤᠬᠤ ᠬᠡᠰᠡᠨ ᠲᠡᠷᠡ ᠤᠳᠠᠭ᠎ᠠ ᠶᠢᠨ ᠭᠠᠯᠳᠤ ᠲᠡᠷᠭᠡ ᠪᠠᠶᠢᠬᠤ ᠥᠬᠡᠶ᠂ ᠵᠠᠮ ᠤᠨ ᠲᠤᠮᠳᠠ ᠰᠤᠯᠢᠬᠤ ᠭᠠᠯᠳᠤ ᠲᠡᠷᠭᠡ ᠪᠠᠶᠢᠬᠤ ᠥᠬᠡᠶ ᠶᠤᠮ ᠪᠣᠯ ︽ᠲᠡᠷᠭᠡ ᠰᠤᠯᠢᠬᠤ︾ ᠨᠢᠭᠤᠷ ᠲᠤ ᠤᠷᠤᠪᠠᠯ ︽ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠭᠡᠭᠦ ᠴᠢᠳᠠᠮᠵᠢ ᠢᠯᠡᠷᠡᠨ ᠭᠠᠷᠤᠨ᠎ᠠ᠃ ᠰᠤᠷᠤᠭᠴᠢᠳ ᠥᠪᠡᠷ ᠤᠨ ᠬᠡᠷᠡᠭᠴᠡᠭᠡ ᠪᠠᠨ ᠲᠠᠭᠯᠠᠨ ᠮᠡᠳᠡᠭᠦᠯᠵᠦ ᠪᠣᠯᠤᠨ᠎ᠠ᠂ ᠪᠠᠰᠠ ᠪᠤᠰᠤᠳ ᠰᠤᠷᠤᠭᠴᠢᠳ ᠢ ᠣᠷᠣᠯᠠᠨ ᠬᠡᠷᠡᠭᠴᠡᠭᠡ ᠶᠢ ᠨᠢ ᠲᠠᠭᠯᠠᠨ ᠮᠡᠳᠡᠭᠦᠯᠵᠦ ᠪᠣᠯᠤᠨ᠎ᠠ᠂ ᠥᠪᠡᠷ ᠤᠨ ᠲᠤᠰᠢᠶᠠᠭᠰᠠᠨ ᠬᠡᠷᠡᠭᠴᠡᠭᠡ ᠪᠠᠨ ᠠᠰᠠᠭᠤᠨ ᠯᠠᠪᠯᠠᠬᠤ ᠪᠠ ᠬᠠᠰᠤᠵᠤ ᠬᠠᠶᠠᠵᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号