ᠰᠢ ᠶᠢᠨ ᠫᠢᠩ 33 ᠳ᠋ᠤᠭᠠᠷ ᠬᠤᠭᠤᠴᠠᠭᠠᠨ ᠤ ᠤᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠴᠤ ᠠᠭᠤᠯᠵᠠᠬᠤ ᠳᠠᠭᠠᠨ ᠴᠢᠬᠤᠯᠠᠴᠢᠯᠠᠭᠰᠠᠨ ᠨᠢ ᠪᠠᠷᠳᠠᠮᠨᠠᠬᠤ ᠦᠭᠡᠢ ᠣᠮᠣᠷᠬᠠᠭᠯᠠᠬᠤ ᠦᠭᠡᠢ ᠪᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠳᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2024/8/22
     ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠷᠢᠯᠳᠦᠭᠦᠨ ᠲᠠᠢ ᠠᠭᠤᠯᠵᠠᠪᠠ᠃ ᠲᠡᠷᠡ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠲᠠ ᠨᠠᠷ ᠪᠦᠯᠬᠦᠮᠳᠡᠨ ᠰᠡᠳᠬᠢᠯ ᠨᠢᠭᠡᠳᠴᠦ᠂ ᠡᠷᠡᠮᠡᠬᠡᠶᠢᠯᠡᠨ ᠴᠢᠷᠮᠠᠶᠢᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠦᠭᠰᠡᠨ ᠦᠭᠡᠢ᠂ ᠮᠠᠨ ᠤ ᠤᠯᠤᠰ ᠤᠨ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠢᠯᠢ ᠶᠢᠨ ᠭᠠᠳᠠᠨᠠᠬᠢ ᠤᠷᠤᠯᠳᠤᠭᠠᠨ ᠳᠤ ᠣᠷᠣᠯᠴᠠᠬᠰᠠᠨ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠵᠤ᠂ ᠤᠷᠤᠯᠳᠤᠭᠠᠨ ᠤ ᠬᠢᠷᠢ ᠪᠦᠲᠦᠮᠵᠢ ᠪᠣᠯᠣᠨ ᠤᠶᠤᠨ ᠤ ᠪᠣᠯᠪᠠᠰᠤᠨ ᠤ ᠬᠤᠣᠰ ᠠᠮᠵᠢᠯᠲᠠ ᠶᠢ ᠪᠡᠶᠡᠯᠡᠭᠦᠯᠵᠦ᠂ ᠡᠬᠡ ᠤᠯᠤᠰ ᠪᠣᠯᠣᠨ ᠠᠷᠠᠳ ᠲᠦᠮᠡᠨ ᠳᠡᠭᠡᠨ ᠢᠷᠠᠭᠤ ᠠᠯᠳᠠᠷ ᠠᠪᠴᠢᠷᠠᠭᠰᠠᠨ ᠪᠠᠶᠢᠨ᠎ᠠ ᠭᠡᠵᠦ ᠴᠢᠬᠤᠯᠠᠴᠢᠯᠠᠪᠠ᠃ ᠲᠡᠷᠡ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠤᠯᠠᠨ ᠤ ᠢᠯᠠᠯᠲᠠ ᠲᠠᠢ ᠪᠤᠴᠠᠵᠤ ᠢᠷᠡᠭᠰᠡᠨ ᠢ ᠪᠠᠶᠠᠷᠯᠠᠨ ᠤᠭᠲᠤᠵᠤ᠂ ᠤᠯᠠᠨ ᠳᠤ ᠬᠠᠯᠠᠭᠤᠨ ᠪᠠᠶᠠᠷ ᠬᠦᠷᠭᠡᠵᠦ᠂ ᠴᠢᠩ ᠰᠡᠳᠬᠢᠯ ᠠᠴᠠ ᠪᠠᠨ ᠲᠣᠬᠤᠨᠢᠭᠤᠯᠤᠭᠰᠠᠨ ᠪᠥᠭᠡᠳ ᠪᠦᠭᠦ ᠤᠯᠤᠰ ᠤᠨ ᠪᠡᠶ᠎ᠡ ᠶᠢᠨ ᠲᠠᠮᠢᠷ ᠤᠨ ᠹᠷᠣᠨᠲ ᠤᠨ ᠨᠥᠬᠦᠳ ᠲᠤ ᠳᠣᠲᠣᠨᠣ ᠮᠡᠨᠳᠦᠴᠢᠯᠡᠯ ᠬᠦᠷᠭᠡᠪᠡ᠃
     8 ᠰᠠᠷ᠎ᠠ ᠶᠢᠨ 20 ᠤ ᠡᠳᠦᠷ᠂ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ᠂ ᠬᠠᠨ ᠵᠧᠩ ᠠᠷᠠᠳ ᠤᠨ ᠶᠡᠭᠡ ᠬᠤᠷᠠᠯ ᠤᠨ ᠲᠠᠩᠬᠢᠮ ᠳᠤ 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠷᠢᠯᠳᠦᠭᠦᠨ ᠢ ᠭᠥᠯᠢᠶᠡᠨ ᠠᠪᠴᠤ ᠠᠭᠤᠯᠵᠠᠪᠠ᠃ ᠵᠢᠷᠤᠭ ᠪᠣᠯ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
       8 ᠰᠠᠷ᠎ᠠ ᠶᠢᠨ 20 ᠤ ᠡᠳᠦᠷ᠂ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ᠂ ᠬᠠᠨ ᠵᠧᠩ ᠠᠷᠠᠳ ᠤᠨ ᠶᠡᠭᠡ ᠬᠤᠷᠠᠯ ᠤᠨ ᠲᠠᠩᠬᠢᠮ ᠳᠤ 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠷᠢᠯᠳᠦᠭᠦᠨ ᠢ ᠭᠥᠯᠢᠶᠡᠨ ᠠᠪᠴᠤ ᠠᠭᠤᠯᠵᠠᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ      ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠪᠠᠶᠠᠷ ᠭᠦᠷ ᠢᠶᠠᠷ ᠪᠢᠯᠬᠠᠨ᠎ᠠ᠃ ᠦᠳᠡ ᠶᠢᠨ ᠬᠤᠶᠢᠨᠠᠬᠢ 3 ᠴᠠᠭ 20 ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠲᠥᠯᠥᠭᠡᠯᠡᠭᠴᠢᠳ ᠤᠨ ᠪᠦᠯᠭᠦᠮ ᠤᠨ ᠭᠡᠰᠢᠭᠦᠳ ᠤᠨ ᠳᠤᠮᠳᠠ ᠬᠦᠷᠴᠦ ᠢᠷᠡᠬᠦ ᠳᠤ ᠳᠠᠶᠠᠭᠠᠷ ᠢᠶᠠᠨ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠶᠢᠨ ᠫᠢᠩ ᠨᠠᠷ ᠤᠯᠠᠨ ᠲᠠᠢ ᠳᠣᠲᠣᠨᠣ ᠪᠠᠷ ᠭᠠᠷ ᠠᠳᠬᠤᠭᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃      ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠰᠢᠯᠢᠳᠡᠭ ᠬᠢᠷᠢ ᠪᠦᠲᠦᠮᠵᠢ ᠪᠣᠯ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠲᠠᠪᠰᠢᠯᠳᠠ ᠶᠢᠨ ᠲᠥᠪᠯᠡᠷᠡᠩᠭᠦᠢ ᠢᠯᠡᠷᠡᠯ ᠪᠤᠯᠬᠤ ᠪᠥᠭᠡᠳ ᠪᠠᠰᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢᠨ ᠬᠤᠷᠢᠶᠠᠩᠭᠤᠢ ᠳᠦᠷᠰᠦ ᠪᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠦᠴᠦᠨ ᠴᠢᠳᠠᠯ ᠢ ᠭᠦᠢᠴᠡᠳ ᠢᠯᠡᠷᠡᠭᠦᠯᠪᠡ᠃ ᠤᠯᠤᠰ ᠣᠷᠣᠨ ᠮᠠᠨᠳᠤᠪᠠᠯ ᠪᠡᠶ᠎ᠡ ᠶᠢᠨ ᠲᠠᠮᠢᠷ ᠮᠠᠨᠳᠤᠨ᠎ᠠ᠂ ᠤᠯᠤᠰ ᠣᠷᠣᠨ ᠬᠦᠴᠦᠷᠬᠡᠭᠵᠢᠪᠡᠯ ᠪᠡᠶ᠎ᠡ ᠶᠢᠨ ᠲᠠᠮᠢᠷ ᠬᠦᠴᠦᠷᠬᠡᠭᠵᠢᠨ᠎ᠡ᠃ ᠮᠠᠨ ᠤ ᠤᠯᠤᠰ ᠳᠡᠯᠡᠬᠡᠢ ᠶᠢᠨ ᠪᠡᠶ᠎ᠡ ᠶᠢᠨ ᠲᠠᠮᠢᠷ ᠤᠨ ᠲᠣᠮᠣ ᠤᠯᠤᠰ᠂ ᠣᠯᠢᠮᠫᠢᠺ ᠤᠨ ᠲᠠᠮᠢᠷ ᠤᠨ ᠴᠤᠭᠯᠠᠭᠠᠨ ᠤ ᠬᠦᠴᠦᠷᠬᠡᠭ ᠤᠯᠤᠰ ᠤᠨ ᠡᠩᠨᠡᠭᠡᠨ ᠳᠤ ᠣᠷᠣᠵᠤ ᠴᠢᠳᠠᠭᠰᠠᠨ ᠤ ᠦᠨᠳᠦᠰᠦᠨ ᠰᠢᠯᠲᠠᠭᠠᠨ ᠨᠢ ᠤᠯᠤᠰ ᠤᠨ ᠶᠡᠷᠦᠩᠬᠡᠢ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠪᠣᠯᠪᠠᠰᠤᠷᠠᠯ ᠳᠤ ᠲᠡᠷᠢᠭᠦᠨ ᠤ ᠰᠢᠨᠵᠢᠯᠡᠬᠦ ᠮᠡᠷᠭᠡᠵᠢᠯ ᠤᠨ ᠲᠤᠯᠭᠠᠭᠤᠷᠢᠯᠠᠯ ᠪᠠ ᠪᠠᠲᠤ ᠪᠠᠬᠢ ᠪᠣᠳᠠᠰ ᠤᠨ ᠪᠠᠲᠤᠯᠠᠭ᠎ᠠ ᠬᠠᠩᠭᠠᠭᠰᠠᠨ ᠪᠥᠭᠡᠳ ᠡᠯ᠎ᠡ ᠬᠦᠷᠢᠶᠡᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠴᠣᠯᠭᠤᠷᠠᠨ ᠭᠠᠷᠬᠤ ᠳᠤ ᠰᠠᠶᠢᠨ ᠰᠠᠶᠢᠬᠠᠨ ᠦᠰᠦᠨ ᠪᠤᠶᠢᠵᠢᠬᠤ ᠣᠷᠴᠢᠨ ᠨᠥᠬᠦᠴᠡᠯ ᠪᠠ ᠥᠷᠭᠡᠨ ᠳᠡᠯᠭᠡᠷ ᠤᠯᠠᠨ ᠲᠦᠮᠡᠨ ᠤ ᠰᠠᠭᠤᠷᠢ ᠶᠢ ᠪᠤᠢ ᠪᠤᠯᠭᠠᠬᠰᠠᠨ ᠳᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠨᠢ ᠯᠠᠪᠲᠠᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠨᠡᠩ ᠰᠠᠶᠢᠨ ᠨᠥᠬᠦᠴᠡᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠪᠢᠳᠡ ᠠᠷᠠᠳ ᠲᠦᠮᠡᠨ ᠢᠶᠠᠷ ᠭᠤᠣᠯ ᠪᠤᠯᠭᠠᠬᠰᠠᠨ ᠪᠡᠶ᠎ᠡ ᠶᠢᠨ ᠲᠠᠮᠢᠷ ᠤᠨ ᠦᠢᠯᠡᠰ ᠢ ᠦᠷᠭᠦᠯᠵᠢᠯᠡᠨ ᠶᠡᠭᠡ ᠪᠠᠷ ᠬᠥᠭᠵᠢᠭᠦᠯᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠭᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠬᠡᠷᠡᠭᠲᠡᠢ ᠭᠡᠵᠦ ᠢᠯᠡᠳᠬᠡᠪᠡ᠃      ᠰᠢ ᠶᠢᠨ ᠫᠢᠩ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠰᠢᠯᠢᠳᠡᠭ ᠠᠮᠵᠢᠯᠲᠠ ᠨᠢ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠰᠣᠯᠪᠢᠴᠠᠭᠤᠯᠤᠨ ᠭᠡᠷᠡᠯᠲᠦᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃ ᠤᠷᠤᠯᠳᠤᠭᠠᠨ ᠤ ᠲᠠᠯᠠᠪᠤᠷ ᠲᠤ᠂ ᠤᠯᠠᠨ ᠢᠶᠠᠷ ᠢᠶᠠᠨ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠤᠯᠤᠰ ᠤᠨ ᠢᠷᠠᠭᠤ ᠠᠯᠳᠠᠷ ᠬᠤᠪᠢ ᠬᠥᠮᠥᠨ ᠤ ᠢᠷᠠᠭᠤ ᠠᠯᠳᠠᠷ ᠠᠴᠠ ᠡᠭᠦᠷᠢᠳᠡ ᠳᠠᠪᠠᠨ᠎ᠠ︾᠂ ︽ᠮᠢᠨᠤ ᠡᠨᠡ ᠬᠦ ᠠᠯᠲᠠᠨ ᠮᠧᠳᠠᠯ ᠢᠶᠠᠨ ᠠᠭᠤᠤ ᠶᠡᠭᠡ ᠡᠬᠡ ᠤᠯᠤᠰ ᠲᠠᠭᠠᠨ ᠡᠷᠭᠦᠨ᠎ᠡ︾ ᠵᠡᠷᠭᠡ ᠲᠠᠩᠭᠠᠷᠢᠭ ᠤᠨ ᠦᠭᠡ ᠨᠢ ᠢᠳᠡ ᠬᠦᠴᠦᠲᠡᠢ ᠪᠠᠶᠢᠵᠤ᠂ ᠡᠬᠡ ᠤᠯᠤᠰ ᠢᠶᠠᠨ ᠳᠡᠭᠡᠳᠦᠯᠡᠬᠦ᠂ ᠡᠬᠡ ᠤᠯᠤᠰ ᠲᠠᠭᠠᠨ ᠢᠷᠠᠭᠤ ᠠᠯᠳᠠᠷ ᠠᠪᠴᠢᠷᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠨᠤᠭᠤᠷᠠᠰᠢ ᠦᠭᠡᠢ ᠲᠡᠮᠡᠴᠡᠬᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠠᠪᠠᠯ ᠢᠯᠠᠬᠤ ᠢᠲᠡᠭᠡᠯ ᠵᠣᠷᠢᠭ ᠢ ᠢᠯᠡᠷᠡᠭᠦᠯᠵᠦ᠂ ᠪᠦᠯᠬᠦᠮᠳᠡᠨ ᠬᠠᠮᠵᠢᠯᠴᠠᠬᠤ᠂ ᠮᠥᠷᠥ ᠵᠡᠷᠭᠡᠴᠡᠨ ᠪᠠᠶᠢᠯᠳᠤᠬᠤ ᠡᠷᠬᠢᠮ ᠨᠠᠨᠳᠢᠨ ᠵᠠᠩ ᠴᠢᠨᠠᠷ ᠢ ᠢᠯᠡᠷᠡᠭᠦᠯᠵᠦ᠂ ᠳᠤᠮᠳᠠᠳᠤ ᠤᠯᠤᠰ ᠤᠨ ᠵᠠᠯᠠᠭᠤ ᠨᠢᠭᠡ ᠦᠶ᠎ᠡ ᠶᠢᠨ ᠬᠢᠨ ᠤ ᠢᠲᠡᠭᠡᠯ ᠳᠦᠭᠦᠷᠡᠩ ᠪᠠᠶᠠᠰᠤᠩᠭᠤᠢ᠂ ᠬᠠᠯᠠᠭᠤᠮᠰᠤᠭ ᠨᠥᠭᠦᠷᠰᠡᠭ ᠪᠠᠶᠢᠬᠤ ᠴᠣᠪᠣᠭᠤᠯᠢᠭ ᠬᠡᠪ ᠴᠢᠨᠠᠷ ᠢ ᠢᠯᠡᠷᠡᠭᠦᠯᠪᠡ᠃ ᠲᠠ ᠨᠠᠷ ᠪᠦᠭᠦ ᠳᠡᠯᠡᠬᠡᠢ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠬᠤᠷᠠᠮᠳᠤᠯ ᠢ ᠬᠠᠷᠠᠭᠤᠯᠵᠤ᠂ ᠳᠤᠮᠳᠠᠳᠤ ᠤᠯᠤᠰ ᠤᠨ ᠨᠡᠭᠡᠭᠡᠯᠲᠡᠲᠡᠢ ᠪᠠᠭᠲᠠᠭᠠᠮᠵᠢᠲᠠᠢ᠂ ᠴᠤᠭ ᠪᠠᠳᠠᠷᠠᠩᠭᠤᠢ ᠤᠷᠤᠭᠰᠢᠯᠠᠨ ᠲᠠᠪᠰᠢᠬᠤ ᠴᠠᠭ ᠦᠶ᠎ᠡ ᠶᠢᠨ ᠳᠦᠷᠰᠦ ᠪᠠᠶᠢᠳᠠᠯ ᠢ ᠬᠠᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠥᠰᠥ ᠵᠣᠷᠢᠭ᠂ ᠣᠮᠤᠭ ᠵᠣᠷᠢᠭ ᠪᠠ ᠢᠳᠡ ᠬᠦᠴᠦᠨ ᠢ ᠬᠠᠷᠠᠭᠤᠯᠪᠠ᠃ ᠡᠬᠡ ᠤᠯᠤᠰ ᠪᠣᠯᠣᠨ ᠠᠷᠠᠳ ᠲᠦᠮᠡᠨ ᠲᠠ ᠨᠠᠷ ᠤᠨ ᠡᠮᠦᠨ᠎ᠡ ᠠᠴᠠ ᠣᠮᠣᠭᠰᠢᠵᠤ ᠪᠠᠶᠢᠨ᠎ᠠ᠂ ᠲᠠ ᠨᠠᠷ ᠢ ᠮᠠᠭᠲᠠᠨ ᠰᠠᠶᠢᠰᠢᠶᠠᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠶᠣᠰᠣ ᠰᠤᠷᠲᠠᠬᠤᠨ ᠲᠠᠢ ᠠᠯᠲᠠᠨ ᠮᠧᠳᠠᠯ᠂ ᠬᠡᠪ ᠨᠠᠮᠪᠠ ᠲᠠᠢ ᠠᠯᠲᠠᠨ ᠮᠧᠳᠠᠯ᠂ ᠠᠷᠢᠭᠤᠨ ᠴᠡᠪᠡᠷ ᠠᠯᠲᠠᠨ ᠮᠧᠳᠠᠯ ᠣᠯᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠬᠡᠪ ᠰᠤᠷᠲᠠᠯ ᠢ ᠪᠠᠳᠠᠷᠠᠭᠤᠯᠵᠤ᠂ ᠥᠷᠭᠡᠨ ᠳᠡᠯᠭᠡᠷ ᠬᠦᠨᠳᠦᠳᠬᠡᠯ ᠬᠦᠷᠢᠶᠡᠯᠡᠯ ᠢ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠳᠦᠷᠢ ᠲᠥᠷᠬᠦ ᠶᠢ ᠭᠦᠢᠴᠡᠳ ᠢᠯᠡᠷᠡᠭᠦᠯᠪᠡ᠃ ᠤᠷᠤᠯᠳᠤᠭᠠᠨ ᠤ ᠲᠠᠯᠠᠪᠤᠷ ᠲᠤ ᠣᠯᠠᠨ ᠢᠶᠠᠷ ᠢᠶᠠᠨ ᠳᠦᠷᠢᠮ ᠲᠣᠭᠲᠠᠭᠠᠯ ᠢ ᠵᠢᠷᠤᠮᠯᠠᠨ᠂ ᠥᠷᠢᠰᠦᠯᠳᠦᠬᠦ ᠡᠲᠡᠭᠡᠳ ᠢᠶᠠᠨ ᠭᠦᠨᠳᠦᠳᠭᠡᠵᠦ᠂ ᠬᠢᠨᠠᠭᠴᠢ ᠶᠢ ᠭᠦᠨᠳᠦᠳᠭᠡᠵᠦ᠂ ᠦᠵᠡᠭᠴᠢᠳ ᠢ ᠭᠦᠨᠳᠦᠳᠭᠡᠵᠦ᠂ ᠰᠠᠶᠢᠨ ᠰᠠᠶᠢᠬᠠᠨ ᠤᠷᠤᠯᠳᠤᠭᠠᠨ ᠤ ᠬᠡᠪ ᠰᠤᠷᠲᠠᠯ ᠪᠠ ᠪᠣᠯᠪᠠᠰᠤᠨ ᠶᠣᠰᠣ ᠵᠢᠷᠤᠮ ᠢ ᠪᠠᠷᠢᠮᠲᠠᠯᠠᠵᠤ᠂ ᠢᠯᠠᠯᠲᠠ ᠣᠯᠣᠭᠰᠠᠨ ᠴᠤ ᠪᠠᠷᠳᠠᠮᠨᠠᠬᠤ ᠦᠭᠡᠢ᠂ ᠢᠯᠠᠭᠳᠠᠭᠰᠠᠨ ᠴᠤ ᠵᠣᠷᠢᠭ ᠮᠣᠬᠤᠬᠤ ᠦᠭᠡᠢ ᠪᠠᠶᠢᠵᠤ᠂ ᠤᠷᠤᠯᠳᠤᠭᠠᠨ᠂ ᠶᠣᠰᠣ ᠮᠣᠷᠠᠯ᠂ ᠬᠡᠪ ᠨᠠᠮᠪᠠ ᠶᠢᠨ ᠲᠠᠯ᠎ᠠ ᠪᠠᠷ ᠴᠥᠮ ᠠᠯᠲᠠᠨ ᠮᠧᠳᠠᠯ ᠣᠯᠣᠭᠰᠠᠨ ᠪᠠᠶᠢᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠣᠯᠢᠮᠫᠢᠺ ᠤᠨ ᠲᠠᠮᠢᠷ ᠤᠨ ᠴᠤᠭᠯᠠᠭᠠᠨ ᠳᠤ ᠪᠡᠯᠡᠳᠬᠡᠬᠦ ᠰᠢᠨ᠎ᠡ ᠦᠶᠡᠯᠡᠯ ᠨᠢᠭᠡᠨᠲᠡ ᠡᠬᠢᠯᠡᠪᠡ᠃ ᠤᠯᠠᠨ ᠢᠶᠠᠷ ᠢᠶᠠᠨ ᠪᠠᠷᠳᠠᠮᠨᠠᠬᠤ ᠦᠭᠡᠢ ᠣᠮᠣᠷᠬᠠᠭᠯᠠᠬᠤ ᠦᠭᠡᠢ ᠪᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠣᠯᠪᠠᠰᠤᠷᠠᠯ ᠪᠠ ᠤᠷᠤᠯᠳᠤᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠦ᠂ ᠴᠢᠳᠠᠪᠤᠷᠢᠲᠠᠨ ᠢ ᠲᠦᠷᠭᠡᠨ ᠬᠥᠮᠥᠵᠢᠭᠦᠯᠵᠦ᠂ ᠲᠠᠶᠢᠨ ᠳᠤ ᠪᠡᠯᠡᠳᠬᠡᠬᠦ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃ ᠤᠷᠤᠯᠳᠤᠭᠠᠨ ᠤ ᠪᠡᠶ᠎ᠡ ᠶᠢᠨ ᠲᠠᠮᠢᠷ ᠪᠣᠯᠣᠨ ᠣᠯᠠᠨ ᠲᠦᠮᠡᠨ ᠤ ᠪᠡᠶ᠎ᠡ ᠶᠢᠨ ᠲᠠᠮᠢᠷ ᠬᠠᠷᠢᠯᠴᠠᠨ ᠬᠤᠯᠪᠣᠯᠳᠣᠵᠣ ᠬᠠᠷᠢᠯᠴᠠᠨ ᠨᠥᠬᠦᠴᠡᠯᠳᠦᠵᠦ ᠪᠠᠶᠢᠳᠠᠭ᠂ ᠣᠯᠠᠨ ᠢᠶᠠᠷ ᠢᠶᠠᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠤᠯᠠᠮ ᠳᠡᠭᠡᠭᠰᠢᠯᠡᠭᠦᠯᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠳᠠᠶᠢᠴᠢᠯᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠥᠷᠭᠡᠨ ᠳᠡᠯᠭᠡᠷ ᠥᠷᠨᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号