ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠡᠷᠬᠡᠪᠰᠢ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ | ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠵᠤᠤ ᠯᠧ ᠵᠢᠢ ᠸᠠᠩ ᠬᠤ᠋ | ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠵᠤ ᠼᠠᠢ ᠴᠢ ᠬᠤᠷᠠᠯ ᠢ ᠡᠷᠭᠢᠯᠡᠪᠡ | ᠨᠠᠮ ᠤᠨ ᠲᠥᠪ ᠬᠤᠷᠢᠶ᠎ᠠ 22 ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ | ᠬᠤᠷᠠᠯ ᠬᠤᠷᠠᠯᠳᠤᠭᠤᠯᠵᠤ᠂ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳ᠋ᠧᠩ ᠰᠢᠶᠣᠣ ᠫᠢᠩ ᠨᠥᠬᠦᠷ ᠪᠣᠯ | ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ | ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠦᠭᠡᠭᠦᠦ | ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠶᠠᠪᠤᠳᠠᠯ ᠤᠨ ᠡᠷᠳᠡᠮᠲᠡᠨ᠂ ᠭᠠᠳᠠᠭᠠᠳᠤ | ᠬᠠᠷᠢᠯᠴᠠᠭᠠᠨ ᠤ ᠤᠬᠠᠭᠠᠨᠲᠠᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ | ᠪᠠᠶᠢᠯᠳᠤᠭᠴᠢ᠂ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ᠂ | ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠲᠥᠰᠥᠪᠯᠡᠭᠴᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ | ᠨᠡᠭᠡᠭᠡᠨ ᠡᠭᠦᠳᠦᠭᠴᠢ᠂ ᠳ᠋ᠧᠩ ᠰᠢᠶᠣᠣ ᠫᠢᠩ ᠤᠨ ᠣᠨᠣᠯ ᠤᠨ ᠭᠤᠣᠯ ᠡᠭᠦᠳᠦᠭᠴᠢ ᠮᠥᠨ᠂ ᠳᠡᠯᠡᠬᠡᠢ ᠶᠢᠨ ᠡᠩᠬᠡ ᠲᠠᠶᠢᠪᠤᠩ | ᠪᠠ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ | ᠮᠥᠨ᠃ ᠲᠡᠷᠡ ᠨᠠᠮ᠂ ᠠᠷᠠᠳ ᠲᠦᠮᠡᠨ᠂ ᠤᠯᠤᠰ ᠣᠷᠣᠨ᠂ ᠦᠨᠳᠦᠰᠦᠲᠡᠨ᠂ ᠳᠡᠯᠡᠬᠡᠢ ᠳ᠋ᠠᠬᠢᠨ ᠳᠤ ᠲᠣᠪᠤᠶᠢᠮ᠎ᠠ ᠬᠤᠪᠢ | ᠨᠡᠮᠡᠷᠢ ᠦᠵᠡᠭᠦᠯᠵᠦ᠂ ᠭᠠᠪᠢᠶ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠲᠡᠮᠳᠡᠭᠯᠡᠭᠳᠡᠵᠦ᠂ ᠬᠤᠵᠢᠮ ᠤᠨ ᠬᠥᠮᠥᠰ ᠢ ᠥᠨᠢᠳᠡ | ᠵᠣᠷᠢᠭᠵᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | | | | | | 8 ᠰᠠᠷ᠎ᠠ ᠶᠢᠨ 22 ᠤᠨ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ | ᠬᠤᠷᠠᠯᠳᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ | ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ ᠬᠤᠷᠠᠯ ᠳᠤ | ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ | ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ᠂ ᠳ᠋ᠧᠩ ᠰᠢᠶᠣᠣ ᠫᠢᠩ ᠨᠥᠬᠦᠷ ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ | ᠨᠠᠰᠤ᠂ ᠲᠠᠶᠢᠴᠢᠨ ᠨᠢᠭᠡ ᠨᠠᠰᠤ᠂ ᠠᠭᠤᠤ ᠶᠡᠭᠡ ᠨᠢᠭᠡ ᠨᠠᠰᠤ ᠮᠥᠨ᠃ ᠲᠡᠷᠡ ᠨᠠᠮ ᠤᠨ ᠤᠳᠤᠷᠢᠳᠤᠭᠰᠠᠨ ᠦᠨᠳᠦᠰᠦᠲᠡᠨ ᠤ | ᠲᠤᠰᠠᠭᠠᠷ ᠲᠣᠭᠲᠠᠨᠢᠯ ᠪᠠ ᠠᠷᠠᠳ ᠤᠨ ᠴᠢᠯᠦᠭᠡᠯᠡᠯᠲᠡ ᠶᠢᠨ ᠦᠢᠯᠡᠰ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ | ᠭᠠᠷᠮᠠᠭᠠᠢ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠬᠤ ᠪᠠ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠯᠲᠠ ᠳᠤ ᠮᠠᠰᠢ ᠪᠦᠲᠦᠮᠵᠢᠲᠡᠢ ᠠᠵᠢᠯ ᠥᠷᠨᠢᠭᠦᠯᠪᠡ᠃ ︽ᠰᠣᠶᠣᠯ ᠤᠨ ᠶᠡᠭᠡ ᠬᠤᠪᠢᠰᠬᠠᠯ︾ | ᠳᠠᠭᠤᠰᠤᠭᠰᠠᠨ ᠤ ᠳᠠᠷᠠᠭ᠎ᠠ᠂ ᠲᠡᠷᠡ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ | ᠭᠤᠣᠯᠯᠠᠭᠴᠢ ᠪᠣᠯᠤᠭᠰᠠᠨ ᠤ ᠬᠤᠪᠢ ᠳᠤ᠂ ᠨᠠᠮ ᠪᠠ ᠠᠷᠠᠳ ᠲᠦᠮᠡᠨ ᠢ ᠳᠠᠭᠠᠭᠤᠯᠤᠨ ᠠᠭᠤᠤ ᠶᠡᠭᠡ ᠲᠡᠦᠬᠡᠨ ᠡᠷᠭᠢᠯᠲᠡ ᠶᠢ | ᠪᠡᠶᠡᠯᠡᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢ ᠪᠡᠶᠡᠯᠡᠭᠦᠯᠬᠦ ᠶᠢ ᠠᠬᠢᠭᠤᠯᠵᠤ᠂ | ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠴᠦ᠂ ᠡᠬᠡ ᠤᠯᠤᠰ ᠤᠨ | ᠪᠦᠷᠢᠨ ᠨᠢᠭᠡᠳᠦᠯ ᠢ ᠪᠡᠶᠡᠯᠡᠭᠦᠯᠬᠦ ᠵᠥᠪ ᠵᠠᠮ ᠢ ᠲᠣᠭᠲᠠᠭᠠᠵᠤ᠂ ᠭᠡᠷᠡᠯ ᠰᠠᠴᠤᠷᠠᠩᠭᠤᠢ ᠨᠡᠶᠢᠭᠡᠮ ᠵᠢᠷᠤᠮ ᠤᠨ ᠲᠤᠭ ᠢ ᠡᠷᠡᠰ | ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠡᠭᠦᠳᠦᠨ ᠨᠡᠭᠡᠭᠡᠵᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠲᠡᠦᠬᠡᠲᠦ ᠭᠠᠪᠢᠶ᠎ᠠ ᠵᠢᠳᠬᠦᠯ ᠪᠣᠯ ᠪᠦᠭᠦ ᠲᠠᠯ᠎ᠠ ᠶᠢᠨ ᠪᠥᠭᠡᠳ | ᠡᠭᠦᠳᠦᠯᠲᠡ ᠶᠢᠨ ᠴᠢᠨᠠᠷᠲᠠᠢ ᠶᠤᠮ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠦᠵᠡᠭᠦᠯᠦᠭᠰᠡᠨ ᠨᠥᠯᠥᠭᠡ ᠨᠢ ᠭᠦᠨ | ᠭᠦᠨᠵᠡᠭᠡᠢ᠂ ᠠᠯᠤᠰ ᠭᠡᠳᠤ ᠶᠢᠨ ᠶᠤᠮ᠃ ᠲᠡᠭᠦᠨ ᠤ ᠨᠢᠭᠡ ᠨᠠᠰᠤᠨ ᠤ ᠲᠡᠮᠡᠴᠡᠯ ᠤᠨ ᠥᠩᠭᠡᠷᠡᠯᠲᠡ ᠨᠢ ᠡᠪ ᠬᠠᠮᠲᠤ | ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ | ᠢᠲᠡᠭᠡᠯ ᠪᠢᠰᠢᠷᠡᠯ ᠬᠢᠵᠠᠭᠠᠯᠠᠰᠢ ᠦᠭᠡᠢ ᠪᠠᠲᠤ ᠴᠢᠩᠭ᠎ᠠ ᠡᠷᠬᠢᠮ ᠳᠡᠭᠡᠳᠦ ᠵᠠᠩ ᠰᠤᠷᠲᠠᠯ᠂ ᠠᠷᠠᠳ ᠲᠦᠮᠡᠨ ᠢ ᠬᠢᠵᠠᠭᠠᠯᠠᠰᠢ | ᠦᠭᠡᠢ ᠬᠠᠶᠢᠷᠠᠯᠠᠬᠤ ᠠᠭᠤᠤ ᠶᠡᠭᠡ ᠬᠠᠶᠢᠷ᠎ᠠ ᠰᠡᠳᠬᠢᠯᠭᠡ᠂ ᠦᠨᠡᠨ ᠠᠴᠠ ᠵᠥᠪ ᠢ ᠡᠷᠢᠬᠦ ᠤᠨᠤᠯ ᠤᠨ ᠵᠠᠩ ᠴᠢᠨᠠᠷ᠂ | ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠬᠦ ᠤᠯᠤᠰ ᠲᠦᠷᠦ ᠶᠢᠨ ᠰᠥᠰᠥ ᠵᠣᠷᠢᠭ᠂ ᠥᠨᠳᠥᠷ ᠲᠤ ᠵᠣᠭᠰᠣᠨ | ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠠᠰᠪᠤᠷ ᠴᠠᠭᠠᠪᠤᠷ ᠭᠤᠶᠠᠴᠢ ᠦᠭᠡᠢ ᠠᠭᠤᠳᠠᠮᠴᠢ | ᠪᠠᠭᠲᠠᠭᠠᠮᠵᠢᠲᠠᠢ ᠬᠡᠬᠦᠳᠡᠭ ᠴᠡᠭᠡᠵᠢ ᠶᠢ ᠭᠦᠢᠴᠡᠳ ᠢᠯᠡᠷᠡᠭᠦᠯᠪᠡ᠃ ᠲᠡᠭᠦᠨ ᠤ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ | ᠪᠢᠳᠡ ᠡᠭᠦᠷᠢᠳᠡ ᠴᠡᠭᠡᠵᠢᠯᠡᠨ᠎ᠡ︔ ᠲᠡᠭᠦᠨ ᠤ ᠡᠷᠬᠢᠮ ᠳᠡᠭᠡᠳᠦ ᠬᠤᠪᠢᠰᠬᠠᠯᠲᠤ ᠬᠡᠪ ᠨᠠᠮᠪᠠ ᠶᠢ ᠪᠢᠳᠡ ᠡᠭᠦᠷᠢᠳᠡ | ᠬᠦᠨᠳᠦᠳᠬᠡᠨ ᠪᠢᠰᠢᠷᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠪᠢᠳᠡᠨ ᠳᠤ ᠦᠯᠡᠳᠡᠭᠡᠵᠦ ᠥᠭᠭᠦᠭᠰᠡᠨ ᠬᠠᠮᠤᠭ ᠤᠨ ᠴᠢᠬᠤᠯᠠ | ᠦᠵᠡᠯ ᠰᠠᠨᠠᠭᠠᠨ ᠤ ᠡᠳ᠋ ᠪᠠᠶᠠᠯᠢᠭ ᠪᠣᠯ ᠲᠡᠭᠦᠨ ᠤ ᠭᠤᠣᠯᠯᠠᠨ ᠡᠭᠦᠳᠦᠨ ᠪᠠᠶᠢᠭᠤᠯᠤᠭᠰᠠᠨ ᠳ᠋ᠧᠩ ᠰᠢᠶᠣᠣ ᠫᠢᠩ ᠤᠨ ᠤᠨᠤᠯ | ᠪᠣᠯᠣᠨ᠎ᠠ᠃ ᠳ᠋ᠧᠩ ᠰᠢᠶᠣᠣ ᠫᠢᠩ ᠤᠨ ᠤᠨᠤᠯ ᠪᠣᠯ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ | ᠦᠶᠡᠴᠢᠯᠡᠭᠰᠡᠨ ᠤ ᠴᠢᠬᠤᠯᠠ ᠪᠡᠯᠭᠡ ᠲᠡᠮᠳᠡᠭ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠷᠬᠡᠪᠰᠢ ᠳ᠋ᠧᠩ | ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠰᠢᠨᠵᠢᠯᠡᠬᠦ ᠤᠬᠠᠭᠠᠨᠴᠢ | ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ ᠣᠶᠢᠯᠠᠭᠠᠵᠤ᠂ ᠳ᠋ᠧᠩ ᠰᠢᠶᠣᠣ | ᠫᠢᠩ ᠨᠥᠬᠦᠷ ᠤᠨ ᠨᠡᠶᠢᠭᠡᠮ ᠵᠢᠷᠤᠮ ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠳᠤ ᠰᠠᠭᠤᠷᠢᠯᠠᠨ ᠳᠤᠷᠠᠳᠤᠭᠰᠠᠨ ᠴᠢᠬᠤᠯᠠ | ᠶᠡᠭᠡ ᠳ᠋ᠦᠩᠨᠡᠯᠲᠡ᠂ ᠦᠨᠳᠦᠰᠦᠨ ᠦᠵᠡᠯᠲᠡ᠂ ᠵᠥᠪ ᠵᠣᠷᠢᠯᠲᠠ ᠶᠢ ᠪᠠᠷᠢᠮᠲᠠᠯᠠᠬᠤ ᠮᠥᠷᠲᠡᠭᠡᠨ ᠪᠠᠰᠠ ᠲᠠᠰᠤᠷᠠᠯᠳᠠ ᠦᠭᠡᠢ | ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠤᠨᠤᠯ ᠤᠨ ᠭᠤᠣᠯ ᠴᠢᠮᠦᠭᠡ ᠪᠠ ᠮᠥᠨ ᠴᠢᠨᠠᠷ ᠢ ᠨᠢ ᠵᠥᠪ ᠡᠵᠡᠮᠳᠡᠵᠦ᠂ | ᠪᠣᠳᠠᠲᠤ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠵᠦ᠂ ᠦᠨᠡᠨ ᠶᠣᠰᠣ ᠶᠢ ᠭᠤᠶᠢᠪᠢᠰᠢ ᠦᠭᠡᠢ ᠪᠠᠷᠢᠮᠲᠠᠯᠠᠨ᠂ | ᠦᠢᠯᠡᠳᠦᠯᠭᠡ ᠶᠢ ᠵᠢᠯᠤᠭᠤᠳᠬᠤ ᠳᠤ ᠬᠡᠯᠪᠠᠶᠢᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠮᠠᠷᠺᠰ ᠤᠨ ᠦᠵᠡᠯ ᠤᠨ ᠠᠮᠢᠨ ᠰᠤᠳᠠᠰᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠦᠨᠳᠦᠰᠦ ᠰᠤᠷᠪᠤᠯᠵᠢ ᠶᠢ ᠢᠮᠠᠭᠲᠠ ᠪᠠᠲᠤ ᠰᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ | ᠪᠣᠯᠪᠠᠰᠤᠨ ᠤ ᠦᠷ᠎ᠡ ᠪᠦᠲᠦᠭᠡᠯ ᠢᠶᠠᠷ ᠲᠣᠯᠢ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠦᠨᠡᠨ ᠶᠣᠰᠣ ᠶᠢ ᠲᠠᠰᠤᠷᠠᠯᠲᠠ | ᠦᠭᠡᠢ ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠢ ᠠᠰᠠᠭᠤᠳᠠᠯ ᠢ | ᠭᠦᠨᠵᠡᠭᠡᠢ ᠰᠤᠳᠤᠯᠵᠤ᠂ ᠳᠤᠮᠳᠠᠳᠤ ᠤᠯᠤᠰ ᠤᠨ ᠠᠰᠠᠭᠤᠯᠲᠠ᠂ ᠶᠢᠷᠲᠢᠨᠴᠦ ᠶᠢᠨ ᠠᠰᠠᠭᠤᠯᠲᠠ᠂ ᠠᠷᠠᠳ ᠲᠦᠮᠡᠨ ᠤ | ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠶᠢ ᠭᠦᠨᠵᠡᠭᠡᠢ ᠬᠠᠷᠢᠭᠤᠯᠵᠤ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠶᠢ ᠦᠷᠭᠦᠯᠵᠢᠯᠡᠨ ᠠᠬᠢᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ | ᠦᠵᠡᠯ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠭᠡᠷᠡᠯ ᠰᠠᠴᠤᠷᠠᠩᠭᠤᠢ ᠦᠨᠡᠨ ᠶᠣᠰᠣᠨ ᠤ ᠭᠡᠷᠡᠯ | ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠪᠣᠯ ᠲᠡᠭᠦᠨ ᠤ | ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ | ᠠᠬᠢᠭᠤᠯᠬᠤ ᠶᠠᠪᠤᠳᠠᠯ ᠪᠣᠯᠣᠨ᠎ᠠ᠃ ᠪᠢᠳᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠡᠨᠡ ᠬᠦ ᠭᠤᠣᠯ ᠡᠭᠦᠷᠭᠡ ᠶᠢᠨ ᠲᠣᠭᠤᠷᠢᠨ ᠳᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ | ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠴᠢᠨᠠᠷ | ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠭᠦ ᠲᠠᠯ᠎ᠠ | ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠶᠡᠭᠡ ᠪᠠᠷ ᠬᠥᠭᠵᠢᠭᠦᠯᠵᠦ᠂ ᠪᠣᠳᠠᠰ ᠤᠨ ᠪᠣᠯᠪᠠᠰᠤᠨ ᠪᠣᠯᠣᠨ ᠣᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ᠂ | ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠨᠡᠩ | ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠬᠥᠭᠵᠢᠯᠲᠡ ᠶᠢᠨ | ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠦᠭᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠶᠢ ᠠᠬᠢᠭᠤᠯᠵᠤ ᠲᠠᠰᠤᠷᠠᠯᠲᠠ ᠦᠭᠡᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠴᠢᠨᠠᠷ ᠰᠠᠶᠢᠲᠠᠢ | ᠬᠥᠭᠵᠢᠭᠦᠯᠬᠦ ᠶᠢ ᠠᠬᠢᠭᠤᠯᠵᠤ᠂ ᠨᠡᠭᠡᠭᠡᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ | ᠳᠠᠶᠢᠨ ᠤ ᠢᠯᠠᠯᠲᠠ ᠶᠢ ᠵᠠᠪᠠᠯ ᠲᠡᠮᠡᠴᠡᠨ ᠣᠯᠵᠤ᠂ ᠨᠠᠮ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ | ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠮᠠᠤ ᠽᠧ ᠳ᠋ᠦᠩ᠂ ᠳ᠋ᠧᠩ ᠰᠢᠶᠣᠣ ᠫᠢᠩ | ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠤᠤᠭᠠᠯ ᠬᠦᠰᠡᠯ ᠮᠥᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ | ᠬᠤᠷᠢᠭᠯᠠᠭᠳᠠᠰᠢ ᠦᠭᠡᠢ ᠲᠡᠦᠬᠡ ᠶᠢᠨ ᠤᠷᠤᠰᠬᠠᠯ ᠮᠥᠨ᠃ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢ ᠵᠠᠰᠠᠬᠤ︾᠂ ︽ᠣᠣᠮᠧᠨᠴᠤᠳ ᠣᠣᠮᠧᠨ ᠢ ᠵᠠᠰᠠᠬᠤ︾᠂ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠢ᠂ ᠭᠤᠶᠢᠪᠢᠰᠢ ᠦᠭᠡᠢ | ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠤᠯᠠᠮ ᠨᠢᠭᠡ ᠠᠯᠬᠤᠮ | ᠠᠭᠤᠰᠤᠨ ᠣᠷᠣᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠳᠡᠮᠵᠢᠨ ᠠᠬᠢᠭᠤᠯᠬᠤ ᠬᠡᠷᠡᠭᠲᠡᠢ᠃ ᠪᠢᠳᠡ ᠰᠢᠨ᠎ᠡ | ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠭᠤᠶᠢᠪᠢᠰᠢ ᠦᠭᠡᠢ | ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ | ︾ ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ | ᠠᠬᠢᠭᠤᠯᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠷᠡᠰ ᠡᠰᠡᠷᠭᠦᠴᠡᠵᠦ᠂ ᠤᠯᠤᠰ ᠤᠨ ᠡᠷᠬᠡ ᠮᠡᠳᠡᠯ ᠪᠠ | ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠡᠷᠡᠰ ᠪᠠᠲᠤ ᠬᠦᠴᠦᠨ | ᠮᠥᠨ᠃ ᠪᠢᠳᠡ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠲᠤᠭ ᠢ ᠢᠮᠠᠭᠲᠠ | ᠥᠨᠳᠥᠷ ᠮᠠᠨᠳᠤᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ | ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠠᠬᠢᠴᠠ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠭᠢᠶᠠᠯ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳ᠋ᠧᠩ ᠰᠢᠶᠣᠣ | ᠫᠢᠩ ᠨᠥᠬᠦᠷ ᠤᠨ ᠭᠡᠷᠡᠯ ᠰᠠᠴᠤᠷᠠᠩᠭᠤᠢ᠂ ᠲᠠᠶᠢᠴᠢᠨ᠂ ᠠᠭᠤᠤ ᠶᠡᠭᠡ ᠨᠢᠭᠡ ᠨᠠᠰᠤ ᠶᠢ ᠭᠦᠨᠵᠡᠭᠡᠢ ᠡᠷᠭᠢᠴᠡᠭᠦᠯᠵᠦ᠂ ᠳ᠋ᠧᠩ | ᠰᠢᠶᠣᠣ ᠫᠢᠩ ᠨᠥᠬᠦᠷ ᠨᠠᠮ ᠪᠣᠯᠣᠨ ᠠᠷᠠᠳ ᠲᠦᠮᠡᠨ ᠢ ᠳᠠᠭᠠᠭᠤᠯᠤᠨ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ | ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠠᠮᠵᠢᠯᠲᠠ ᠲᠠᠢ | ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠴᠦ᠂ ᠳ᠋ᠧᠩ ᠰᠢᠶᠣᠣ ᠫᠢᠩ ᠤᠨ ᠤᠨᠤᠯ ᠢ | ᠡᠭᠦᠳᠦᠭᠰᠡᠨ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠳ᠋ᠧᠩ ᠰᠢᠶᠣᠣ ᠫᠢᠩ ᠤᠨ | ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠳ᠋ᠧᠩ ᠰᠢᠶᠣᠣ ᠫᠢᠩ ᠨᠥᠬᠦᠷ ᠤᠨ ᠡᠷᠬᠢᠮ ᠳᠡᠭᠡᠳᠦ | ᠬᠤᠪᠢᠰᠬᠠᠯ ᠤᠨ ᠬᠡᠪ ᠨᠠᠮᠪᠠ ᠶᠢ ᠰᠤᠷᠤᠯᠴᠠᠵᠦ᠂ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠰᠣᠳᠣ ᠮᠡᠷᠭᠡᠨ ᠭᠦᠨ | ᠭᠦᠨᠵᠡᠭᠡᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ | ᠪᠠᠶᠢᠵᠤ᠂ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠵᠢᠯᠤᠭᠤᠳᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ | ᠬᠤᠸᠠ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ ᠤᠷᠢᠳ ᠬᠤᠵᠢᠳ ᠦᠭᠡ ᠬᠡᠯᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ | ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠳ᠋ᠧᠩ ᠰᠢᠶᠣᠣ ᠫᠢᠩ ᠨᠥᠬᠦᠷ ᠤᠨ ᠲᠦᠷᠦᠯ ᠰᠠᠳᠤᠨ᠂ ᠤᠤᠯ ᠤᠨ | ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ ᠤᠯᠤᠰ ᠤᠨ ᠳ᠋ᠧᠩ ᠰᠢᠶᠣᠣ ᠫᠢᠩ | ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ | ᠳᠤ ᠣᠷᠣᠯᠴᠠᠬᠰᠠᠨ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ |