ᠣᠶᠢᠷ᠎ᠠ ᠳᠤ᠂ ᠰᠤᠷᠪᠤᠯᠵᠢᠯᠠᠭᠴᠢ ᠪᠦᠬᠦ ᠠᠶᠢᠮᠠᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠦᠷᠭᠦᠯᠵᠢᠯᠡᠨ ᠰᠢᠯᠢᠳᠡᠭᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ | ᠵᠢᠯ ᠠᠴᠠ ᠨᠠᠭᠠᠰᠢ᠂ ᠮᠠᠨ ᠤ ᠠᠶᠢᠮᠠᠭ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠨᠠᠷᠢᠨ ᠨᠢᠮᠪᠠᠢ | ᠰᠤᠳᠤᠯᠵᠤ᠂ ᠲᠦᠷᠦ ᠶᠢᠨ ᠪᠣᠳᠣᠯᠭ᠎ᠠ ᠶᠢ ᠤᠨᠤᠪᠴᠢᠳᠠᠢ ᠬᠡᠷᠡᠭᠵᠢᠭᠦᠯᠦᠨ᠂ ᠬᠤᠳᠠᠯᠳᠤᠭ᠎ᠠ ᠡᠷᠬᠢᠯᠡᠬᠦ ᠣᠷᠴᠢᠨ | ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠠᠢ᠃ | ᠡᠨᠡ ᠵᠢᠯ ᠠᠴᠠ ᠨᠠᠭᠠᠰᠢ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠵᠤ | ᠠᠬᠤᠶᠢᠯᠠᠯ ᠳᠤ ᠦᠢᠯᠡᠴᠢᠯᠡᠬᠦ ᠲᠤᠰᠬᠠᠢ ᠲᠤᠭᠤᠷᠢᠭ ᠭᠠᠷᠭᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠢ | ᠨᠢᠭᠡ ᠯᠡ ᠭᠠᠵᠠᠷ ᠲᠤ ᠭᠦᠢᠴᠡᠳᠬᠡᠬᠦ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ ᠮᠠᠨ ᠤ ᠠᠶᠢᠮᠠᠭ ᠠᠷᠠᠳ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠪᠠ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠪᠠᠩᠬᠢ ᠪᠤᠯᠤᠨ ᠮᠧᠩ ᠱᠠᠩ ᠪᠠᠩᠬᠢ ᠠᠴᠠ ᠠᠵᠤ | ᠠᠬᠤᠶᠢᠯᠠᠯ ᠳᠤ ᠨᠡᠶᠢᠲᠡ 3572 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠪᠥᠬᠦ ᠠᠶᠢᠮᠠᠭ ᠤᠨ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 246 ᠳ᠋ᠦᠩᠰᠢᠭᠤᠷ | ᠲᠥᠭᠦᠷᠢᠭ ᠲᠤ ᠬᠦᠷᠴᠡᠢ᠃ ᠡᠭᠦᠨ ᠤ ᠬᠠᠮᠲᠦ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠯᠡ | ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠪᠥᠬᠦ | ᠠᠶᠢᠮᠠᠭ ᠤᠨ ᠬᠢᠨ 1.71 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠯᠪᠢᠵᠠᠢ᠃ ᠠᠵᠢᠯ ᠣᠯᠭᠤᠯᠲᠠ | ᠪᠠ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠡᠯ᠎ᠠ ᠵᠦᠢᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠰᠠᠶᠢᠳᠤᠷ ᠬᠡᠷᠡᠭᠵᠢᠬᠦᠯᠦᠨ᠂ ᠡᠨᠡ ᠵᠢᠯ ᠤᠨ ᠳᠡᠭᠡᠷ᠎ᠠ ᠬᠠᠭᠠᠰ ᠵᠢᠯ ᠳᠤ 448 ᠬᠥᠮᠥᠨ | ᠬᠡᠷᠡᠭᠯᠡᠬᠦ ᠨᠢᠭᠡᠴᠢ ᠳᠤ 834 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ ᠮᠥᠩᠭᠦ | ᠲᠠᠷᠬᠠᠭᠠᠪᠠ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠥᠬᠦ ᠠᠶᠢᠮᠠᠭ ᠤᠨ ᠠᠷᠠᠳ ᠤᠨ ᠡᠶᠡᠳᠡᠭᠦᠯᠬᠦ ᠵᠣᠬᠢᠶᠠᠨ | ᠪᠠᠶᠢᠭᠤᠯᠤᠯᠲᠠ ᠠᠴᠠ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ 6080 ᠬᠤᠪᠢ ᠡᠶᠡᠳᠡᠭᠦᠯᠵᠦ᠂ ᠡᠭᠦᠨ ᠳᠤ | ᠠᠵᠤ ᠠᠬᠤᠶᠢᠯᠠᠯ ᠳᠤ ᠬᠤᠯᠪᠣᠭᠳᠠᠭᠰᠠᠨ ᠵᠠᠭᠤᠷᠠᠯᠳᠤᠭᠠᠨ ᠢ 1206 ᠬᠤᠪᠢ ᠡᠶᠡᠳᠡᠭᠦᠯᠵᠠᠢ᠃ ᠰᠦᠯᠵᠢᠶᠡᠨ ᠳᠡᠭᠡᠷ᠎ᠠ | ᠪᠠ ᠰᠦᠯᠵᠢᠶᠡᠨ ᠭᠠᠳᠠᠨ᠎ᠠ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠨᠡᠭᠡᠭᠡᠵᠦ᠂ ᠰᠦᠯᠵᠢᠶᠡᠨ ᠳᠡᠭᠡᠷ᠎ᠠ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠤᠰᠬᠠᠢ ᠬᠠᠯᠠᠮ ᠤᠲᠠᠰᠤ ᠲᠤᠬᠢᠷᠠᠭᠤᠯᠤᠨ᠂ ᠰᠦᠯᠵᠢᠶᠡᠨ ᠭᠠᠳᠠᠨ᠎ᠠ ᠡᠯ᠎ᠡ ᠬᠤᠰᠢᠭᠤ ᠰᠢᠶᠠᠨ ᠬᠤᠲᠠ ︵ᠤᠷᠤᠨ︶ | ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠢᠩᠬᠢᠮ ᠳᠤ ︽ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤ ᠦᠢᠯᠡᠴᠢᠯᠡᠬᠦ︾ ᠴᠣᠩᠬᠤᠪᠴᠢ ᠭᠠᠷᠭᠠᠵᠤ᠂ ᠣᠳᠤᠬᠠᠨ ᠪᠣᠯᠲᠠᠯ᠎ᠠ᠂ ᠠᠵᠤ ᠠᠬᠤᠶᠢᠯᠠᠯ ᠳᠤ | ᠬᠤᠯᠪᠣᠭᠳᠠᠭᠰᠠᠨ 162 ᠬᠡᠷᠡᠭ ᠢ ᠭᠥᠯᠢᠶᠡᠨ ᠠᠪᠴᠤ ᠰᠶᠢᠳᠪᠦᠷᠢᠯᠡᠵᠡᠢ᠃ | ᠮᠠᠨ ᠤ ᠠᠶᠢᠮᠠᠭ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ | ᠢᠨᠵᠧᠨᠧᠷᠢᠩ ᠤᠨ 2024 ᠣᠨ ᠤ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ | ᠲᠠᠰ ᠵᠢᠴᠢ ᠲᠡᠭᠦᠨ ᠠᠴᠠ ᠳᠡᠭᠡᠭᠰᠢᠬᠢ ᠡᠯ᠎ᠡ ᠲᠦᠷᠦᠯ ᠤᠨ 67 ᠲᠥᠷᠥᠯ ᠵᠦᠢᠯ ᠢ ᠡᠷᠡᠮᠡᠯᠵᠡᠨ ᠣᠯᠵᠤ᠂ 3478.5 | ᠲᠦᠮᠡᠨ ᠲᠥᠭᠦᠷᠢᠭ ᠤᠨ ᠳᠡᠮᠵᠢᠯᠭᠡ ᠶᠢᠨ ᠪᠡᠯᠡ ᠮᠥᠩᠭᠦ ᠣᠯᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ | ᠠᠬᠤᠶᠢᠯᠠᠯ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠳᠣᠬᠠᠨ ᠳᠤ ᠮᠠᠨ ᠤ | ᠠᠶᠢᠮᠠᠭ ᠤᠨ 3 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ᠂ 19 ᠠᠵᠤ ᠠᠬᠤᠶᠢᠯᠠᠯ ᠤᠨ | ᠨᠠᠷᠠᠲᠤ ᠲᠡᠮᠳᠡᠭ᠂ 11 ᠪᠦᠲᠦᠭᠡᠭᠳᠡᠬᠦᠨ ᠤ ᠨᠠᠷᠠᠲᠤ ᠲᠡᠮᠳᠡᠭ ᠦᠪᠦᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠨᠠᠷᠠᠲᠤ ᠲᠡᠮᠳᠡᠭ ᠤᠨ ᠭᠠᠷᠴᠠᠭ ᠲᠤ ᠰᠤᠩᠭᠤᠬᠳᠠᠨ ᠤᠷᠤᠵᠠᠢ᠃ | ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ | ᠲᠠᠯᠪᠢᠬᠤ ᠪᠠ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠲᠣᠭᠲᠠᠴᠠ ᠶᠢᠨ ᠰᠢᠨ᠎ᠡ ᠶᠢ ᠡᠭᠦᠳᠬᠦ ᠶᠢᠨ ᠲᠤᠰᠠᠳᠠ᠂ | ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠪᠥᠬᠦ ᠠᠶᠢᠮᠠᠭ ᠤᠨ ᠬᠡᠪᠴᠢᠶᠡᠨ ᠳᠤ 50 ᠡᠵᠡᠩᠨᠡᠯᠲᠡ ᠶᠢᠨ ᠭᠤᠣᠯ | ᠴᠣᠭᠴᠠ ᠶᠢ ᠬᠢᠨᠠᠨ ᠬᠡᠮᠵᠢᠬᠦ ᠴᠡᠭ ᠢᠶᠠᠷ ᠲᠤᠬᠲᠠᠭᠠᠵᠦ᠂ ᠣᠯᠠᠨ ᠲᠠᠯ᠎ᠠ ᠶᠢᠨ ᠬᠢᠨ ᠣᠷᠣᠯᠴᠠᠬᠤ ᠲᠣᠭᠲᠠᠴᠠ ᠶᠢ | ᠪᠠᠶᠢᠭᠤᠯᠤᠨ᠂ ᠦᠢᠯᠡᠴᠢᠯᠡᠭᠡᠨ ᠤ ᠬᠠᠯᠠᠮ ᠤᠲᠠᠰᠤ ᠵᠢᠴᠢ ᠨᠡᠶᠢᠭᠡᠮ ᠤᠨ ᠬᠢᠨᠠᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠠᠰᠠᠭᠤᠳᠠᠯ ᠢ ᠴᠠᠭ ᠲᠤᠬᠠᠢ ᠳᠤᠨᠢ ᠰᠶᠢᠳᠪᠦᠷᠢᠯᠡᠬᠦ ᠶᠢ | ᠦᠨᠡᠨ ᠬᠦ ᠪᠠᠲᠤᠯᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮ ᠤᠲᠠᠰᠤᠨ ᠳᠤ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠤᠲᠠᠰᠦ 6 ᠶᠢ ᠲᠤᠬᠢᠷᠠᠭᠤᠯᠵᠦ᠂ | ᠲᠥᠷᠥ ᠶᠢᠨ ᠪᠣᠳᠣᠯᠭ᠎ᠠ ᠶᠢᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠬᠤ ᠶᠢᠨ ᠬᠠᠮᠲᠤ | ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠠᠵᠤ | ᠠᠬᠤᠶᠢᠯᠠᠯ ᠳᠤ ︽7 × 24 ᠴᠠᠭ ᠤᠨ ᠰᠦᠯᠵᠢᠶᠡᠨ ᠳᠡᠭᠡᠷᠡᠬᠢ ᠦᠢᠯᠡᠴᠢᠯᠡᠭᠡ︾ ᠬᠠᠩᠭᠠᠪᠠ᠃ | |