ᠤᠯᠠᠭᠠᠢ ᠬᠠᠮᠢᠶᠠᠷᠤᠯᠲᠠ ᠶᠢᠨ ᠣᠷᠣᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠡᠭᠦᠯᠳᠡᠷᠵᠢᠭᠦᠯᠵᠦ ᠣᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠲᠡᠭᠡᠭᠰᠢᠯᠡᠬᠦᠯᠤᠨ᠎ᠠ
ᠨᠡᠶᠢᠲᠡᠯᠡᠭᠰᠡᠨ ᠴᠠᠭ᠄
2024/8/30
     ᠥᠷᠭᠡᠨ ᠣᠯᠠᠨ ᠰᠠᠭᠤᠭᠠᠯᠢ ᠠᠷᠠᠳ ᠲᠤ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠪᠠᠯᠭᠠᠰᠤᠨ ᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠤᠯᠠᠭᠠᠢ ᠬᠠᠮᠢᠶᠠᠷᠤᠯᠲᠠ ᠶᠢᠨ ᠣᠷᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠡᠷᠴᠢᠮᠵᠢᠬᠦᠯᠵᠦ᠂ ᠬᠤᠲᠠ ᠪᠠᠯᠭᠠᠰᠤᠨ ᠤ ᠦᠬᠡᠷᠡᠴᠢᠯᠡᠨ ᠰᠢᠨᠡᠳᠭᠡᠬᠦ ᠲᠦᠷᠦᠯ ᠵᠦᠢᠯ ᠢ ᠰᠠᠶᠢᠲᠤᠷ ᠠᠬᠢᠭᠤᠯᠵᠦ᠂ ᠬᠤᠲᠠ ᠪᠠᠯᠭᠠᠰᠤᠨ ᠤ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠨ᠂ ᠬᠤᠲᠠ ᠪᠠᠯᠭᠠᠰᠤ ᠶᠢᠨ ᠪᠦᠬᠦ ᠲᠠᠯ᠎ᠠ ᠶᠢᠨ ᠬᠤᠪᠢᠷᠠᠯᠲᠠ ᠶᠢ ᠪᠤᠢ ᠪᠤᠯᠭᠠᠭᠰᠠᠨ ᠪᠠᠶᠢᠨ᠎ᠠ᠃  ︽ᠰᠠᠶᠢᠴᠤᠤᠯ ᠤᠨ ᠠᠭᠤᠳᠠᠮ ᠲᠠᠯᠠᠪᠠᠢ︾ ᠨᠢ ᠤᠯᠠᠭᠠᠢ ᠬᠠᠮᠢᠶᠠᠷᠤᠯᠲᠠ ᠶᠢᠨ ᠣᠷᠣᠨ ᠤ ᠲᠣᠮᠣ ᠬᠡᠯᠪᠡᠷᠢ ᠶᠢᠨ ᠰᠡᠯᠡᠭᠦᠴᠡᠯ ᠤᠨ ᠠᠭᠤᠳᠠᠮ ᠲᠠᠯᠠᠪᠠᠢ ᠶᠢᠨ ᠨᠢᠭᠡ ᠪᠠᠶᠢᠵᠦ᠂ ᠠᠭᠤᠳᠠᠮ ᠲᠠᠯᠠᠪᠠᠢ ᠳᠤ ᠡᠪᠡᠰᠦ ᠮᠣᠳᠣ ᠬᠥᠬᠡᠷᠡᠨ ᠨᠣᠭᠤᠭᠠᠷᠠᠵᠤ᠂ ᠡᠯ᠎ᠠ ᠵᠦᠢᠯ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠢᠵᠢ ᠪᠦᠷᠢᠳᠦᠬᠦᠯᠵᠦ᠂ ᠶᠡᠷᠦ ᠶᠢᠨ ᠦᠶ᠎ᠠ ᠳᠤ ᠰᠠᠭᠤᠭᠠᠯᠢ ᠠᠷᠠᠳ ᠠᠳᠡ ᠢᠷᠡᠵᠦ ᠰᠡᠯᠡᠬᠦᠴᠡᠵᠦ ᠲᠤᠭᠤᠷᠢᠳᠠᠭ ᠪᠠᠶᠢᠨ᠎ᠠ᠃ ᠣᠶᠢᠷ᠎ᠠ ᠶᠢᠨ ᠡᠳᠦᠷ ᠤᠳ ᠲᠤ᠂ ᠪᠠᠷᠢᠯᠭ᠎ᠠ ᠶᠢᠨ ᠠᠵᠢᠯᠴᠢᠳ ᠠᠭᠤᠳᠠᠮ ᠲᠠᠯᠠᠪᠠᠢ ᠳᠠᠬᠢ ᠡᠪᠳᠡᠭᠳᠡᠭᠰᠡᠨ ᠭᠠᠵᠠᠷ ᠤᠨ ᠭᠠᠳᠠᠷᠭᠤ ᠶᠢ ᠵᠠᠰᠠᠬᠰᠠᠨ ᠪᠥᠭᠡᠳ ᠡᠯ᠎ᠡ ᠵᠦᠢᠯ ᠤᠨ ᠦᠵᠡᠮᠵᠢ ᠶᠢᠨ ᠳ᠋ᠧᠩ ᠢ ᠰᠡᠯᠪᠢᠨ ᠵᠠᠰᠠᠵᠤ᠂ ᠠᠭᠤᠳᠠᠮ ᠲᠠᠯᠠᠪᠠᠢ ᠶᠢᠨ ᠤᠷᠴᠢᠨ ᠲᠤᠭᠤᠷᠢᠨ ᠢ ᠨᠡᠩ ᠲᠠᠭᠠᠯᠠᠮᠵᠢᠲᠠᠢ ᠪᠤᠯᠭᠠᠪᠠ᠃ ᠤᠯᠠᠭᠠᠢ ᠬᠠᠮᠢᠶᠠᠷᠤᠯᠲᠠ ᠶᠢᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠳᠦᠷ ᠲᠤᠲᠤᠮ ᠤᠨ ᠠᠵᠢᠯ ᠤᠨ ᠳᠤᠮᠳᠠ ᠲᠠᠳᠠ ᠲᠤᠰᠬᠠᠢ ᠬᠥᠮᠥᠨ ᠲᠤᠰᠬᠠᠢ ᠠᠵᠢᠯ ᠤᠨ ᠪᠠᠶᠢᠷᠢ ᠲᠤᠰᠬᠠᠢ ᠬᠡᠰᠡᠭ ᠢ ᠬᠠᠷᠢᠭᠤᠴᠠᠬᠤ ᠬᠠᠮᠢᠶᠠᠷᠤᠯᠲᠠ ᠶᠢᠨ ᠵᠠᠭᠪᠤᠷ ᠢ ᠭᠡᠷᠡᠭᠵᠢᠬᠦᠯᠦᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠳᠠ ᠬᠠᠮᠠᠭᠠᠯᠠᠯᠲᠠ ᠶᠢ ᠴᠢᠩᠭᠠᠳᠬᠠᠵᠤ ᠪᠤᠢ᠃ ᠶᠠᠪᠠᠭᠠᠨ ᠬᠥᠮᠥᠨ ᠤ ᠵᠠᠮ᠂ ᠠᠭᠤᠳᠠᠮ ᠲᠠᠯᠠᠪᠠᠶ ᠶᠢᠨ ᠭᠠᠵᠠᠷ ᠤᠨ ᠭᠠᠳᠠᠷᠭᠤ ᠶᠢ ᠰᠡᠯᠪᠢᠨ ᠵᠠᠰᠠᠬᠤ ᠠᠴᠠ ᠭᠠᠳᠠᠨ᠎ᠠ᠂ ᠪᠠᠰᠠ ᠨᠣᠭᠤᠭᠠᠷᠠᠭᠤᠯᠤᠯᠲᠠ ᠶᠢᠨ ᠪᠦᠰᠡ ᠶᠢ ᠨᠥᠬᠦᠵᠦ ᠳᠠᠷᠢᠬᠤ᠂ ᠤᠰᠤᠯᠠᠬᠤ᠂ ᠪᠤᠬᠢᠷ ᠤᠰᠤ᠂ ᠪᠣᠷᠣᠭᠠᠨ ᠤ ᠤᠰᠤᠨ ᠤ ᠰᠠᠷᠠᠯᠵᠢ ᠶᠢ ᠴᠡᠪᠡᠷᠯᠡᠬᠦ ᠵᠡᠷᠭᠡ ᠪᠠᠷ ᠳᠠᠮᠵᠢᠭᠤᠯᠤᠨ  ᠠᠭᠤᠳᠠᠮ  ᠲᠠᠯᠠᠪᠠᠢ  ᠶᠢᠨ  ᠣᠷᠴᠢᠨ ᠲᠣᠭᠤᠷᠢᠨ ᠢ ᠰᠠᠶᠢᠵᠢᠷᠠᠭᠤᠯᠵᠠᠢ᠃ ᠣᠳᠣᠬᠠᠨ ᠪᠤᠯᠳᠠᠯ᠎ᠠ᠂ ᠠᠮᠢ ᠠᠬᠤᠢ ᠶᠢᠨ ᠴᠡᠴᠡᠷᠯᠢᠭ ᠤᠨ ᠭᠠᠨᠳᠢᠭ ᠴᠢᠯᠠᠭᠤᠨ ᠬᠠᠪᠲᠠᠰᠤ ᠶᠢ ᠨᠡᠶᠢᠲᠡ 580 ᠭᠠᠷᠤᠢ ᠬᠠᠪᠳᠠᠭᠠᠢ ᠳᠥᠷᠪᠡᠯᠵᠢᠨ  ᠮᠧᠲᠷ ᠰᠣᠯᠢᠵᠤ᠂ ᠬᠤᠳᠳᠤᠭ ᠤᠨ ᠠᠮᠠᠰᠠᠷ 22 ᠢ ᠲᠣᠬᠢᠷᠠᠭᠤᠯᠵᠤ᠂ ᠵᠠᠮ ᠤᠨ ᠳ᠋ᠧᠩ 80 ᠭᠠᠷᠤᠢ᠂ ᠦᠵᠡᠮᠵᠢ ᠶᠢᠨ ᠳ᠋ᠧᠩ 150 ᠭᠠᠷᠤᠢ ᠶᠢ ᠰᠡᠯᠪᠢᠨ ᠵᠠᠰᠠᠵᠤ᠂ ᠬᠤᠲᠠ ᠪᠠᠯᠭᠠᠰᠤᠨ ᠤ ᠭᠡᠷᠡᠯᠲᠦᠭᠦᠯᠭᠡ ᠶᠢᠨ ᠨᠣᠷᠮ᠎ᠠ ᠶᠢ 99% ᠠᠴᠠ ᠳᠡᠭᠡᠭᠰᠢ ᠪᠠᠶᠢᠬᠤ ᠶᠢ ᠦᠨᠡᠨᠬᠦ ᠪᠠᠲᠤᠯᠠᠵᠠᠢ ᠬᠡᠪᠡ᠃      ᠤᠯᠠᠭᠠᠢ ᠬᠠᠮᠢᠶᠠᠷᠤᠯᠲᠠ ᠶᠢᠨ ᠣᠷᠣᠨ ᠨᠢ ᠣᠯᠠᠨ ᠰᠠᠯᠠᠭ᠎ᠠ ᠮᠥᠴᠢᠷ ᠢ ᠵᠣᠬᠢᠴᠠᠭᠤᠯᠤᠨ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠭᠠᠷᠳᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠭᠡᠬᠦ᠂ ᠴᠡᠴᠡᠷᠯᠢᠭ ᠠᠭᠤᠳᠠᠮ ᠲᠠᠯᠠᠪᠠᠢ ᠶᠢᠨ ᠲᠥᠬᠦᠭᠡᠷᠦᠮᠵᠢ ᠶᠢ ᠰᠢᠨᠡᠳᠬᠡᠬᠦ ᠵᠢᠴᠢ ᠵᠡᠭᠡᠯᠢ ᠭᠤᠳᠤᠮᠵᠢ ᠶᠢ ᠰᠢᠨᠡᠳᠬᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠴᠢᠷᠮᠠᠶᠢᠨ ᠨᠥᠬᠦᠪᠦᠷᠢᠯᠡᠵᠦ᠂ ᠬᠤᠳᠠ ᠪᠠᠯᠭᠠᠰᠤᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠬᠦᠯᠪᠡ᠃  
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号