ᠦᠡᠭᠭᠡᠷᠡᠬᠦ ᠵᠢᠯ ᠮᠠᠨ ᠤ ᠠᠶᠢᠮᠠᠭ 465 ᠵᠡᠮᠳᠡᠭᠴᠦᠳ ᠲᠤ ᠰᠢᠨ᠎ᠡ ᠪᠠᠷ ᠠᠵᠢᠯ ᠤᠯᠭᠤᠪᠠ
ᠨᠡᠶᠢᠲᠡᠯᠡᠭᠰᠡᠨ ᠴᠠᠭ᠄
2024/8/6
     ᠣᠶᠢᠷ᠎ᠠ ᠶᠢᠨ ᠵᠢᠯ ᠳᠤ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠲᠤ ᠠᠵᠢᠯ ᠣᠯᠭᠤᠬᠤ ᠠᠷᠭ᠎ᠠ ᠵᠠᠮ ᠢ ᠢᠳᠡᠪᠬᠢᠲᠡᠢ  ᠥᠷᠭᠡᠳᠬᠡᠵᠦ᠂ ᠠᠵᠤ ᠦᠢᠯᠡᠰ ᠤᠨ ᠦᠢᠯᠡᠳᠦᠯ᠂ ᠭᠥᠯᠢᠶᠡᠨ ᠠᠪᠴᠤ ᠠᠵᠢᠯ ᠣᠯᠭᠤᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ᠂ ᠣᠨᠴᠠᠯᠢᠭᠲᠤ ᠨᠠᠷᠠᠲᠤ ᠲᠡᠮᠳᠡᠭ ᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠤᠨ ᠭᠦᠢᠴᠡᠳ ᠠᠵᠢᠯ ᠣᠯᠬᠤ ᠶᠢ ᠠᠬᠢᠭᠤᠯᠪᠠ᠃ ᠦᠡᠭᠭᠡᠷᠡᠬᠦ ᠵᠢᠯ᠂ ᠪᠥᠬᠦ ᠠᠶᠢᠮᠠᠭ ᠤᠨ ᠬᠢᠨ 465 ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 125.07%᠎ ᠳᠤ ᠬᠥᠷᠪᠡ᠃      ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠠᠪᠠᠭ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠳᠤ ᠨᠠᠶᠢᠳᠠᠨ ᠮᠠᠯᠵᠢᠭᠤᠯᠵᠦ ᠨᠠᠶᠢᠳᠠᠨ ᠬᠠᠮᠢᠶᠠᠷᠤᠭᠤᠯᠬᠤ 4 ᠲᠥᠷᠥᠯ ᠵᠦᠢᠯ ᠢ ᠲᠤᠷᠰᠢᠨ ᠥᠷᠨᠢᠭᠦᠯᠵᠦ᠂ ᠲᠤᠬᠠᠢ ᠶᠢᠨ ᠭᠠᠵᠠᠷ ᠤᠨ ᠳᠠᠭᠠᠭᠤᠯᠤᠬᠴᠢ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠶ ᠠᠴᠠ ᠵᠡᠮᠳᠡᠭᠴᠦᠳ ᠲᠠᠢ ᠮᠠᠯ ᠤᠨᠤᠭ᠎ᠠ ᠶᠢ ᠨᠠᠶᠢᠳᠠᠨ ᠮᠠᠯᠵᠢᠭᠤᠯᠵᠦ ᠨᠠᠶᠢᠳᠠᠨ ᠬᠠᠮᠢᠶᠠᠷᠤᠭᠤᠯᠬᠤ ᠵᠦᠪᠳᠡᠯᠴᠡᠭᠡᠷ ᠲᠣᠭᠲᠠᠵᠤ᠂ ᠵᠢᠯ ᠤᠨ ᠡᠴᠦᠰ ᠲᠤ ᠣᠷᠣᠭᠤᠯᠤᠭᠰᠠᠨ ᠦᠢᠯᠡᠳᠪᠦᠷᠢᠯᠡᠯ ᠤᠨ ᠬᠡᠷᠡᠭᠰᠡᠯ ᠤᠨ ᠡᠬᠡ ᠮᠥᠩᠭᠦ ᠶᠢᠨ 20% -25%᠎ ᠪᠠᠷ ᠠᠰᠢᠭ ᠬᠤᠪᠢᠶᠠᠷᠢᠯᠠᠬᠤ ᠠᠷᠭ᠎ᠠ ᠬᠡᠯᠪᠡᠷᠢ ᠶᠢ ᠠᠪᠴᠦ᠂ ᠨᠡᠶᠢᠲᠡ 55 ᠵᠡᠮᠳᠡᠭ ᠬᠥᠮᠥᠨ ᠨᠠᠶᠢᠳᠠᠨ ᠮᠠᠯᠵᠢᠭᠤᠯᠵᠦ ᠨᠠᠶᠢᠳᠠᠨ ᠬᠠᠮᠢᠶᠠᠷᠤᠭᠤᠯᠬᠤ ᠵᠦᠪᠳᠡᠯᠴᠡᠭᠡᠷ ᠲᠣᠭᠲᠠᠵᠤ᠂ ᠵᠢᠯ ᠳᠤ ᠬᠥᠮᠥᠨ ᠳᠤᠮᠳᠠᠴᠢ ᠶᠢᠨ ᠣᠷᠣᠯᠭ᠎ᠠ ᠪᠠᠨ 3000 ᠭᠠᠷᠤᠢ ᠲᠥᠭᠦᠷᠢᠭ ᠨᠡᠮᠡᠭᠳᠡᠭᠦᠯᠵᠠᠢ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠪᠠᠰᠠ ᠲᠠᠶᠢᠹᠤᠰᠧ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ ᠵᠡᠷᠭᠡ ᠭᠠᠵᠠᠷ ᠲᠠᠢ ᠲᠤᠷᠰᠢᠨ ᠬᠠᠮᠲᠤᠷᠠᠯᠴᠠᠵᠤ᠂ 35 ᠵᠡᠮᠳᠡᠭᠴᠦᠳ ᠤᠨ ᠬᠦᠷᠢᠶᠡᠯᠡᠩ ᠲᠤᠭᠤᠷᠢᠭ ᠤᠨ ᠠᠵᠤ ᠠᠬᠤᠢ ᠶᠢ ᠬᠥᠭᠵᠢᠭᠦᠯᠬᠦ ᠶᠢ ᠳᠡᠮᠵᠢᠵᠦ᠂ ᠵᠢᠯ ᠳᠤ ᠬᠥᠮᠥᠨ ᠳᠤᠮᠳᠠᠴᠢ ᠶᠢᠨ ᠤᠷᠤᠯᠭ᠎ᠠ ᠶᠢ 6000 ᠭᠠᠷᠤᠢ ᠲᠥᠭᠦᠷᠢᠭ ᠨᠡᠮᠡᠭᠳᠡᠭᠦᠯᠵᠠᠢ᠃ ᠣᠲᠣᠬᠠᠨ ᠪᠣᠯᠲᠠᠯ᠎ᠠ᠂ ᠪᠥᠬᠦ ᠠᠶᠢᠮᠠᠭ ᠤᠨ ᠬᠢᠨ ᠵᠡᠮᠳᠡᠭᠴᠦᠳ ᠢ ᠲᠤᠰᠠᠯᠠᠬᠤ ᠲᠥᠷᠥᠯ ᠵᠦᠢᠯ ᠳᠤ ᠨᠡᠶᠢᠲᠡ 298 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 81 ᠵᠡᠮᠳᠡᠭᠴᠦᠳ ᠲᠤ ᠠᠵᠢᠯ ᠣᠯᠭᠤᠵᠤ᠂ ᠠᠵᠤ ᠦᠢᠯᠡᠰ ᠢᠶᠠᠷ ᠳᠠᠮᠵᠢᠨ 122 ᠵᠡᠮᠳᠡᠭᠴᠦᠳ ᠲᠤ ᠲᠤᠰᠠᠯᠠᠮᠵᠢ ᠦᠵᠡᠭᠦᠯᠵᠠᠢ᠃      ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ ᠵᠡᠮᠳᠡᠭᠴᠦᠳ ᠲᠤ ᠠᠵᠢᠯ ᠣᠯᠭᠤᠬᠤ᠂ ᠬᠤᠲᠠ ᠪᠠᠯᠭᠠᠰᠦᠨ ᠤ ᠵᠡᠮᠳᠡᠭᠴᠦᠳ ᠲᠤ ᠳᠡᠮᠵᠢᠯᠭᠡ ᠶᠢᠨ ᠴᠢᠨᠠᠷᠲᠠᠢ ᠠᠵᠢᠯ ᠣᠯᠭᠤᠬᠤ ᠲᠠᠯᠠᠪᠤᠷ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠲᠤ ᠠᠵᠢᠯ ᠤᠨ ᠪᠠᠶᠢᠷᠢ ᠬᠠᠨᠭ᠍ᠭᠠᠪᠠ᠃ ᠣᠳᠣᠬᠠᠨ ᠪᠣᠯᠲᠠᠯ᠎ᠠ᠂ ᠪᠦᠬᠦ ᠠᠶᠢᠮᠠᠭ ᠤᠨ 93 ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ 319 ᠵᠡᠮᠳᠡᠭᠴᠦᠳ ᠲᠤ ᠠᠵᠢᠯ ᠤᠯᠭᠤᠵᠦ᠂ 131 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠠᠶᠢᠴᠢᠯᠠᠨ 298 ᠵᠡᠮᠳᠡᠭᠴᠦᠳ ᠲᠤ ᠠᠵᠢᠯ ᠤᠯᠭᠤᠵᠠᠢ᠂ ᠡᠭᠦᠨ ᠠᠴᠠ ᠭᠠᠳᠠᠨ᠎ᠠ᠂ 270 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠬᠤᠳᠠ ᠪᠠᠯᠭᠠᠰᠤᠨ ᠤ ᠵᠡᠮᠳᠡᠭᠴᠦᠳ ᠤᠨ ᠳᠡᠮᠵᠢᠯᠭᠡ ᠶᠢᠨ ᠴᠢᠨᠠᠷᠲᠠᠢ ᠠᠵᠢᠯ ᠣᠯᠭᠤᠯᠲᠠ ᠶᠢᠨ ᠲᠠᠯᠠᠪᠤᠷ ᠭᠠᠵᠠᠷ 10᠎ ᠶᠢ ᠪᠠᠶᠢᠭᠤᠯᠵᠤ᠂ ᠨᠡᠶᠢᠳᠡ 147 ᠵᠡᠮᠳᠡᠭᠴᠦᠳ ᠢ ᠲᠤᠬᠢᠷᠠᠭᠤᠯᠤᠨ ᠠᠵᠢᠯ ᠤᠯᠭᠤᠵᠠᠢ᠃      ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠨᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠵᠡᠮᠳᠡᠭ ᠣᠶᠤᠲᠠᠳ ᠲᠤ ᠠᠵᠢᠯ ᠣᠯᠭᠤᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡ ᠡᠳ᠋ᠰᠢᠭᠦᠯᠬᠦ ᠬᠦᠷᠢᠶᠡᠯᠡᠩ ᠲᠣᠭᠤᠷᠢᠭ ᠵᠡᠷᠭᠡ ᠭᠤᠷᠪᠠᠳᠠᠭᠢ ᠡᠲᠡᠭᠡᠳ ᠲᠠᠢ ᠬᠠᠮᠲᠤᠷᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ᠂ ᠪᠣᠯᠪᠠᠰᠤᠷᠠᠯ ᠳᠤ ᠤᠷᠤᠯᠴᠠᠬᠰᠠᠨ ᠨᠣᠷᠮ᠎ᠠ 100%᠎ ᠳᠤ ᠬᠦᠷᠪᠡ᠃ ᠡᠭᠦᠨ ᠠᠴᠠ ᠭᠠᠳᠠᠨ᠎ᠠ᠂ ᠠᠶᠢᠮᠠᠭ ᠤᠨ ᠵᠡᠮᠳᠡᠭᠴᠦᠳ ᠲᠤ ᠠᠵᠢᠯ ᠣᠯᠭᠤᠵᠤ ᠦᠢᠯᠡᠰ ᠪᠤᠰᠬᠠᠬᠤ ᠬᠦᠪᠦᠷᠡᠭᠦᠯᠬᠦ ᠬᠦᠷᠢᠶᠡᠯᠡᠩ ᠲᠣᠭᠤᠷᠢᠭ ᠢᠶᠠᠷ ᠲᠦᠰᠢᠭ ᠪᠣᠯᠭᠠᠵᠤ᠂ ᠵᠡᠮᠳᠡᠭ ᠦᠢᠯᠡᠰ ᠪᠤᠰᠬᠠᠬᠴᠢ ᠠᠴᠠ ᠲᠤᠬᠲᠠᠬᠰᠠᠨ ᠬᠤᠭᠤᠴᠠᠭᠠᠨ ᠳᠤ ᠭᠡᠷ ᠤᠨ ᠲᠦᠷᠢᠶᠡᠰᠦ ᠠᠪᠬᠤ ᠦᠭᠡᠢ ᠮᠦᠷᠲᠡᠭᠡᠨ ᠦᠢᠯᠡᠰ ᠪᠤᠰᠬᠠᠬᠤ ᠨᠥᠬᠦᠪᠦᠷᠢ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠨᠢᠳᠤᠨᠤᠨ ᠨᠡᠶᠢᠲᠡ 19 ᠵᠡᠮᠳᠡᠭᠴᠦᠳ ᠢ ᠲᠤᠬᠢᠷᠠᠭᠤᠯᠤᠨ ᠠᠵᠢᠯ ᠣᠯᠭᠤᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号