ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠠ
ᠨᠡᠶᠢᠲᠡᠯᠡᠭᠰᠡᠨ ᠴᠠᠭ᠄
2024/8/6
     ᠣᠶᠢᠷ᠎ᠠ ᠶᠢᠨ ᠡᠳᠦᠷ ᠤᠳ ᠲᠤ᠂ ᠮᠠᠨ ᠤ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠰᠢᠰᠲ᠋ᠤᠮ᠂ ᠤᠢ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠪᠣᠯᠣᠨ ᠮᠠᠯᠴᠢᠨ ᠲᠦᠮᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ ᠣᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ︽ᠬᠤᠶᠠᠷ ᠢ ᠲᠤᠬᠲᠠᠭᠠᠬᠰᠠᠨ︾ ᠎ ᠤ ᠰᠶᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠎ ᠶᠢ ᠡᠷᠡᠰ ᠪᠡᠶᠡᠯᠡᠭᠦᠯᠵᠦ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠰᠢᠯᠢ ᠶᠢᠨ ᠭᠤᠣᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠠ ᠭᠡᠵᠦ ᠢᠯᠡᠷᠬᠡᠶᠢᠯᠡᠵᠡᠭᠡᠪᠡ᠃      ᠭᠧ ᠢᠦᠢ ᠯᠦᠩ ᠪᠣᠯ ᠠᠪᠠᠭ᠎ᠠ ᠬᠤᠰᠢᠭᠤᠨ ᠤ ᠲᠠᠯ᠎ᠠ ᠨᠤᠲᠤᠭ ᠤᠨ ᠹᠧᠩ ᠶᠤᠸᠠᠨ ᠶᠡᠷᠦᠩᠬᠡᠶᠢᠯᠡᠭᠰᠡᠨ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠪᠤᠯᠤᠨ᠎ᠠ᠂ 6 ᠰᠠᠷ᠎ᠠ ᠳᠤ᠂ ᠲᠤᠰ ᠬᠤᠷᠰᠢᠶᠠᠵᠢᠯ ᠨᠢ ᠠᠪᠠᠭ᠎ᠠ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠡᠷ᠎ᠡ ᠲᠣᠭᠲᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠤᠷᠰᠢᠶᠠᠵᠢᠯ ᠤᠨ 5 ᠬᠡᠰᠢᠬᠦᠨ ᠡᠷᠦᠬᠡ ᠪᠠ ᠡᠷᠬᠢᠨ ᠲᠣᠭᠤᠷᠢᠨ ᠤ ᠮᠠᠯᠴᠢᠳ 1 ᠲᠦᠮᠡ ᠭᠠᠷᠤᠢ ᠮᠦ ᠡᠯᠡᠰᠦ ᠶᠢ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠤᠭᠰᠠᠨ ᠪᠠᠶᠢᠨ᠎ᠠ᠃ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ  ᠠᠴᠠ ︿ᠣᠯᠠᠨ ᠡᠰᠢᠴᠢᠯᠡᠭᠰᠡᠨ ᠠᠮᠢ ᠠᠬᠤᠢ  ᠶᠢ ᠬᠠᠮᠠᠭᠠᠯᠠᠨ ᠰᠡᠷᠭᠦᠭᠡᠬᠦ ᠣᠷᠣᠭᠤᠯᠤᠯᠲᠠ ᠢᠢᠨ ᠲᠣᠭᠲᠠᠴᠠ ᠶᠢ ᠪᠦᠲᠦᠭᠡᠨ ᠪᠠᠶᠢᠭᠤᠯᠬᠤ﹀ ᠳᠤᠬᠠᠢ ᠳᠤᠷᠠᠳᠤᠬᠰᠠᠨ ᠨᠢ ᠮᠢᠨᠤ ᠰᠡᠳᠬᠢᠯ ᠢ ᠶᠡᠬᠡᠳᠡ ᠬᠥᠳᠡᠯᠭᠡᠵᠡᠢ᠂ ᠠᠮᠢ ᠠᠬᠤᠢ ᠪᠠᠨ ᠬᠠᠮᠠᠭᠠᠯᠠᠬᠤ ᠨᠢ ᠵᠥᠪᠬᠡᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠡᠳᠦᠢ ᠪᠢᠰᠢ᠂ ᠨᠡᠩ ᠴᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠬᠠᠮᠲᠤ ᠪᠠᠷ ᠣᠷᠣᠯᠴᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠶᠤᠰᠤᠳᠠᠢ︾ ᠬᠡᠵᠦ ᠭᠧ ᠢᠦᠢ ᠯᠦᠩ ᠶᠠᠷᠢᠨ᠎ᠠ᠃      ᠰᠢᠯᠤᠭᠤᠨ ᠬᠥᠬᠡ ᠬᠤᠰᠢᠭᠤᠨ ᠤ ᠵᠢᠭᠠᠰᠤᠲᠠᠢ ᠰᠤᠮᠤ ᠶᠢᠨ 21.3 ᠲᠦᠮᠡᠨ ᠮᠦ ᠶᠢᠨ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠪᠥᠬᠦ ᠲᠠᠯ᠎ᠠ ᠪᠠᠷ ᠡᠬᠢᠯᠡᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠥᠷᠥᠴᠡᠨ ᠳᠤ ᠪᠠᠶᠢᠷᠢᠯᠠᠵᠤ ᠪᠠᠶᠢᠭ᠎ᠠ ᠡᠨᠡ ᠬᠡᠰᠡᠭ ᠭᠠᠵᠠᠷ ᠨᠢ ᠶᠠᠭ ᠠᠭᠠᠵᠢᠮ ᠢᠶᠠᠷ ᠠᠮᠢᠯᠠᠨ ᠰᠡᠷᠭᠦᠵᠦ ᠪᠠᠶᠢᠨ᠎ᠠ᠃ ᠰᠢᠯᠤᠭᠤᠨ ᠬᠦᠬᠡ ᠬᠤᠰᠢᠭᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾᠎ ᠶᠢᠨ ᠨᠢᠭᠲᠠ ᠬᠠᠮᠲᠤᠷᠠᠯᠴᠠᠬᠤ ᠵᠠᠭᠪᠤᠷ ᠢᠶᠠᠷ ᠳᠠᠮᠵᠢᠭᠤᠯᠤᠨ᠂ ᠨᠥᠬᠦᠴᠡᠯ ᠳᠤ ᠨᠡᠶᠢᠴᠡᠬᠦ ᠬᠤᠷᠰᠢᠶᠠᠵᠢᠯ ᠢ ᠤᠷᠢᠳ ᠢᠶᠠᠷ ᠲᠣᠬᠢᠷᠠᠭᠤᠯᠤᠨ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠳᠤ ᠣᠷᠣᠯᠴᠠᠭᠤᠯᠵᠠᠢ᠂ ᠣᠲᠣ ᠪᠣᠯᠲᠠᠯ᠎ᠠ᠂ ᠪᠥᠬᠦ ᠬᠤᠰᠢᠭᠤᠨ ᠤ 23 ᠬᠤᠷᠰᠢᠶᠠᠵᠢᠯ ᠨᠢ ᠨᠢᠭᠡᠨᠲᠡ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠳᠤ ᠤᠷᠤᠯᠴᠠᠬᠰᠠᠨ ᠪᠠᠶᠢᠨ᠎ᠠ᠃      ᠡᠨᠡ ᠵᠢᠯ ᠰᠢᠯᠤᠭᠤᠨ ᠬᠥᠬᠡ ᠬᠤᠰᠢᠭᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ 89.74 ᠲᠦᠮᠡᠨ ᠮᠦ ᠵᠠᠰᠠᠬᠤ ᠪᠠᠷ ᠲᠥᠯᠥᠪᠯᠡᠵᠦ᠂ ᠣᠲᠣ ᠪᠣᠯᠲᠠᠯ᠎ᠠ 47.25 ᠲᠦᠮᠡᠨ ᠮᠦ ᠶᠢ ᠨᠢᠭᠡᠨᠲᠡ ᠵᠠᠰᠠᠵᠠᠢ᠃ ︽ᠣᠶ ᠰᠢᠭᠤᠢ ᠨᠤᠲᠤᠭ ᠪᠡᠯᠴᠢᠭᠡᠷ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠤᠢ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠠ ︾ ᠭᠡᠵᠦ ᠰᠢᠯᠤᠭᠤᠨ ᠬᠦᠭᠡ ᠬᠤᠰᠢᠭᠤᠨ ᠤ ᠤᠢ ᠰᠢᠭᠤᠢ ᠪᠠ ᠨᠤᠳᠤᠬ ᠪᠡᠯᠴᠢᠭᠡᠷ ᠤᠨ ᠳᠤᠪᠴᠢᠶ᠎ᠠ ᠶᠢᠨ ᠳᠡᠳ᠋ ᠳᠠᠷᠤᠭ᠎ᠠ ᠰᠤᠯᠤᠩᠭᠤᠸ᠎ᠠ ᠬᠡᠯᠡᠪᠡ᠃      ᠣᠶᠢᠷ᠎ᠠ ᠶᠢᠨ ᠵᠢᠯ ᠠᠴᠠ᠂ ᠮᠠᠨ ᠤ ᠠᠶᠢᠮᠠᠭ ᠬᠥᠬᠡ ᠣᠭᠲᠠᠷᠭᠤᠢ᠂ ᠬᠦᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠠᠶᠢᠮᠠᠭ ᠤᠨ ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ 5 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠤ ᠣᠷᠣᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠪᠠ᠃ ᠭᠤᠣᠯ ᠤᠳᠤᠷᠢᠳᠤᠯᠭ᠎ᠠ ᠶᠡᠷᠦᠩᠬᠡᠢ ᠠᠳᠬᠤᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠴᠡᠭᠴᠡᠯᠡᠨ ᠰᠠᠶᠢᠵᠢᠷᠠᠭᠤᠯᠬᠤ᠂ ᠤᠷᠢᠳᠴᠢᠯᠠᠨ ᠰᠡᠷᠡᠮᠵᠢᠯᠡᠭᠦᠯᠵᠦ ᠱᠠᠯᠠᠪᠳᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠵᠤ᠂ ᠨᠢᠭᠡ ᠪᠦᠯᠦᠭ ᠠᠮᠢ ᠠᠬᠤᠢ ᠣᠷᠴᠢᠨ ᠲᠣᠭᠤᠷᠢᠨ ᠤ ᠦᠯᠡᠳᠡᠭᠳᠡᠯ ᠠᠰᠠᠭᠤᠳᠠᠯ ᠢ ᠪᠦᠲᠦᠮᠵᠢᠲᠡᠢ ᠰᠶᠢᠳᠪᠦᠷᠢᠯᠡᠵᠦ᠂ ᠤᠯᠠᠨ ᠨᠡᠶᠢᠲᠡ ᠶᠢᠨ ᠠᠮᠢ ᠠᠬᠤᠢ ᠣᠷᠴᠢᠨ ᠲᠣᠭᠤᠷᠢᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃      ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳᠡᠳ᠋ ᠳᠠᠷᠤᠭ᠎ᠠ ᠭᠦᠸᠧ ᠹᠧᠢ ᠹᠧᠢ᠄ ︽ᠪᠢᠳᠡ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠪᠣᠬᠢᠷᠲᠤᠯ ᠤᠨ ᠵᠠᠰᠠᠯᠲᠠ᠂ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠤᠷᠤᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠬᠡᠯᠡᠪᠡ᠃    
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号