ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠪᠠ︕ ᠶᠡᠭᠡ ᠬᠡᠪᠴᠢᠶᠡᠨ ᠤ ᠲᠦᠭᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢ ᠰᠢᠨ᠎ᠡ ᠪᠠᠷ ᠰᠣᠯᠢᠬᠤ ᠳᠤ ᠰᠢᠨ᠎ᠡ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/8/6
  7 ᠳ᠋ᠤᠭᠠᠷ ᠰᠠᠷ᠎ᠠ ᠶᠢᠨ 19᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠢ ᠨᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠠᠪᠤᠳᠠᠯ ᠨᠢ ᠲᠠᠲᠠᠬᠤ ᠴᠢᠨᠠᠷ ᠳᠠᠶᠢᠴᠢᠯᠠᠬᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠲᠦᠷᠦ ᠶᠢᠨ ᠪᠤᠳᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠨᠢ ᠳᠣᠲᠣᠭᠠᠳᠤ ᠬᠡᠷᠡᠭᠴᠡᠭᠡᠨ ᠤ ᠳᠠᠯᠳᠠ ᠬᠦᠴᠦ ᠶᠢ ᠨᠡᠩ ᠰᠠᠶᠢᠲᠤᠷ ᠪᠠᠳᠠᠷᠠᠭᠤᠯᠬᠤ ᠳᠤ ᠠᠰᠢᠭᠲᠠᠢ ᠶᠤᠮ᠂ ᠳᠠᠷᠠᠭᠠᠴᠢ ᠶᠢᠨ ᠵᠦᠢᠯ ᠢ ᠬᠠᠮᠲᠤ ᠳᠤ ᠪᠠᠨ ᠦᠵᠡᠵᠡᠭᠡᠶ᠎ᠡ —    ᠤᠯᠤᠰ ᠤᠨ ᠬᠡᠳᠦ ᠤᠷᠲᠤ ᠬᠤᠭᠤᠴᠠᠭ᠎ᠠ ᠲᠠᠢ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃    ᠲᠣᠨᠤᠭ ᠲᠥᠬᠦᠭᠡᠷᠦᠮᠵᠢ ᠪᠠᠨ ᠰᠢᠨᠡᠳᠬᠡᠬᠦ ᠲᠦᠷᠦᠯ ᠵᠦᠢᠯ ᠢ ᠳᠡᠮᠵᠢᠬᠦ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ᠂ ᠳᠡᠮᠵᠢᠬᠦ ᠬᠡᠪᠴᠢᠶ᠎ᠡ ᠶᠢ ᠡᠨᠧᠷᠭᠢ ᠶᠢᠨ ᠴᠠᠬᠢᠯᠭᠠᠨ ᠬᠦᠴᠦᠨ᠂ ᠬᠠᠭᠤᠴᠢᠷᠠᠭᠰᠠᠨ ᠴᠠᠬᠢᠯᠭᠠᠨ ᠱᠠᠲᠤ ᠵᠡᠷᠭᠡ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠢᠴᠢ ᠭᠤᠤᠯᠳᠠᠯᠭ᠎ᠠ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠠᠮᠤᠷ ᠲᠦᠪᠰᠢᠨ ᠤ ᠥᠭᠡᠷᠡᠴᠢᠯᠡᠨ ᠰᠢᠨᠡᠳᠭᠡᠬᠦ ᠬᠦᠷᠢᠶᠡᠨ ᠳᠤ ᠬᠦᠷᠲᠡᠯ᠎ᠡ ᠥᠷᠭᠡᠳᠬᠡᠵᠦ᠂ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢ ᠨᠢ ᠳᠣᠷᠣᠭᠰᠢᠯᠠᠭᠤᠯᠤᠨ᠂ ᠬᠢᠨᠠᠨ ᠵᠥᠪᠰᠢᠶᠡᠷᠡᠬᠦ ᠶᠠᠪᠤᠴᠠ ᠶᠢ ᠨᠢ ᠳᠥᠭᠦᠮᠴᠢᠯᠡᠨ᠎ᠡ᠃    ᠲᠡᠭᠡᠭᠡᠪᠦᠷᠢ ᠶᠢᠨ ᠬᠠᠭᠤᠴᠢᠷᠬᠠᠰᠠᠨ ᠣᠩᠭᠤᠴᠠ ᠰᠠᠯ᠂ ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠬᠠᠰᠠᠨ ᠪᠠᠷᠠᠭᠠᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠨᠢ ᠳᠡᠮᠵᠢᠵᠦ᠂ ᠲᠠᠷᠢᠶᠠᠯᠠᠩ ᠤᠨ ᠮᠠᠰᠢᠨ ᠮᠧᠬᠠᠨᠢᠭ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠡᠷᠭᠡ ᠶᠢ ᠰᠢᠨᠡᠳᠬᠡᠬᠦ ᠳᠤ ᠨᠥᠬᠦᠪᠥᠷᠢ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠥᠬᠦᠭᠡᠷᠦᠮᠵᠢ ᠶᠢ ᠰᠢᠨᠡᠳᠬᠡᠬᠦ ᠵᠢᠭᠡᠯᠡᠯᠭᠡ ᠡᠳ᠋ ᠤᠨ ᠵᠠᠰᠠᠭ ᠤᠨ ᠳᠠᠮ ᠬᠦᠦ ᠮᠥᠩᠬᠦ ᠥᠭᠬᠦ ᠬᠠᠷᠢᠴᠠᠯ ᠢ ᠨᠢ ᠳᠡᠭᠡᠭᠰᠢᠯᠡᠭᠦᠯᠦᠨ᠎ᠡ᠃    ᠣᠷᠣᠨ ᠨᠤᠲᠤᠭ ᠤᠨ ᠬᠢᠨ ᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠨ ᠰᠢᠨ᠎ᠡ ᠪᠠᠷ ᠰᠣᠯᠢᠬᠤ ᠴᠢᠳᠠᠪᠤᠷᠢ ᠪᠠᠨ ᠴᠢᠩᠭᠠᠳᠬᠠᠬᠤ ᠶᠢ ᠳᠡᠮᠵᠢᠵᠦ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠦᠢᠯᠡᠳᠬᠦᠨ ᠢᠶᠠᠨ ᠰᠢᠨ᠎ᠡ ᠪᠠᠷ ᠰᠣᠯᠢᠬᠤ ᠳᠤ ᠨᠥᠬᠦᠪᠥᠷᠢ ᠣᠯᠭᠤᠬᠤ ᠡᠷᠴᠢᠮ ᠢ ᠴᠢᠩᠭᠠᠷᠠᠭᠤᠯᠤᠨ ᠬᠠᠶᠠᠭᠳᠠᠮᠠᠯ ᠴᠠᠬᠢᠯᠭᠠᠨ ᠬᠡᠷᠡᠭᠰᠡᠯ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠳᠤ ᠪᠡᠯᠡ ᠮᠦᠩᠭᠦᠨ ᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃    ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠳᠠᠯᠢ ᠪᠤᠰᠤ ᠥᠮᠴᠢᠯᠡᠯ ᠤᠨ ᠳᠦᠷᠢᠮ᠂ ᠠᠳᠠᠯᠢ ᠪᠤᠰᠤ ᠭᠠᠵᠠᠷ ᠲᠤ ᠳᠠᠩᠰᠠᠯᠠᠭᠤᠯᠤᠭᠰᠠᠨ ᠠᠵᠤ ᠠᠬᠤᠶᠢᠯᠠᠯ ᠤᠳ ᠤᠨ ᠲᠥᠷᠥ ᠶᠢᠨ ᠪᠣᠳᠣᠯᠭ᠎ᠠ ᠭᠥᠷᠳᠡᠬᠦ ᠶᠢ ᠨᠢ ᠨᠢᠭᠡ ᠯᠡ ᠠᠳᠠᠯᠢ ᠪᠠᠷ ᠳᠡᠮᠵᠢᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠤᠲᠠᠲᠠᠶᠢᠵᠢᠭᠤᠯᠬᠤ ᠪᠠᠨ ᠦᠨᠡᠨ ᠬᠦ ᠪᠠᠲᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号