ᠮᠠᠨ ᠤ ᠠᠶᠢᠮᠠᠭ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠵᠦ ᠳᠤᠪᠤᠶᠢᠮ᠎ᠠ ᠠᠮᠵᠢᠯᠳᠡ ᠤᠯᠪᠠ
ᠨᠡᠶᠢᠲᠡᠯᠡᠭᠰᠡᠨ ᠴᠠᠭ᠄
2024/8/6
     ᠣᠶᠢᠷ᠎ᠠ ᠳᠤ ᠶᠠᠪᠤᠭᠳᠠᠭᠰᠠᠨ 2024 ᠤᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠶᠠᠷᠢᠶᠠᠨ ᠤ ᠲᠠᠪᠴᠠᠩ ᠳᠡᠭᠡᠷ᠎ᠡ᠂ ᠳᠤᠮᠳᠠᠳᠤ ᠤᠯᠤᠰ ᠤᠨ ᠮᠡᠳᠡᠭᠡ ᠵᠠᠩᠭᠢ ᠶᠢᠨ ᠨᠡᠶᠢᠭᠡᠮᠯᠢᠭ ᠠᠴᠠ ︽2024 ᠤᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠬᠢᠭᠡᠳ ᠦᠢᠯᠡᠳᠦᠯᠭᠡ ᠶᠢᠨ ᠵᠢᠱᠢᠶ᠎ᠡ ᠳᠤ ᠰᠣᠩᠭᠤᠭᠳᠠᠬᠰᠠᠨ ᠲᠤᠬᠠᠢ ᠲᠣᠭᠲᠠᠭᠠᠯ︾  ᠢ ᠨᠡᠶᠢᠲᠡᠯᠡᠵᠦ᠂ ᠮᠠᠨ ᠤ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠦᠯᠦᠭᠰᠡᠨ ︽ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠶᠢᠳᠬᠡᠵᠦ ᠬᠠᠮᠲᠤ ᠪᠠᠷ ᠡᠳ᠋ᠯᠡᠬᠦ ᠨᠡᠭᠡᠭᠡᠯᠲᠡᠲᠦ ᠬᠡᠷᠡᠭᠯᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ︾ ᠨᠢ ︽2024 ᠤᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠲᠥᠷᠥᠯ︾  ᠤᠨ ᠨᠡᠶᠢᠲᠡᠯᠢᠭ ᠵᠢᠱᠢᠶ᠎ᠡ ᠳᠤ ᠠᠮᠵᠢᠯᠲᠠ ᠲᠠᠢ ᠪᠠᠷ ᠰᠣᠩᠭᠤᠭᠳᠠᠵᠠᠢ᠃      ᠮᠠᠨ ᠤ ᠠᠶᠢᠮᠠᠭ ᠠᠶᠢᠮᠠᠭ ᠬᠤᠰᠢᠭᠤ ᠬᠤᠶᠠᠷ ᠱᠠᠲᠤᠨ ᠤ ᠡᠭᠦᠯᠡᠨ ᠡᠬᠢ ᠪᠠᠶᠠᠯᠢᠭ ᠤᠨ ᠲᠥᠪ ᠪᠠ ᠠᠶᠢᠮᠠᠭ ᠬᠤᠰᠢᠭᠤ ᠰᠢᠶᠠᠨ ᠤ ᠬᠡᠪᠴᠢᠶᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠳᠤ ᠲᠦᠰᠢᠭᠯᠡᠨ᠂ ︽4+2︾  ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠨᠡᠭᠡᠭᠡᠯᠲᠡᠲᠦ ᠲᠠᠪᠴᠠᠩ ᠤᠨ ᠰᠢᠰᠲ᠋ᠧᠮ ᠢ ᠪᠥᠬᠦ ᠣᠷᠣᠨ ᠳᠤ ᠤᠷᠢᠳ ᠢᠶᠠᠷ ᠪᠠᠶᠢᠭᠤᠯᠵᠤ᠂ 63 ᠰᠠᠯᠠᠭ᠎ᠠ ᠮᠥᠴᠢᠷ ᠤᠨ 1711 ᠲᠥᠷᠥᠯ ᠤᠨ 17.36 ᠳ᠋ᠦᠩᠰᠢᠭᠤᠷ ᠵᠤᠷᠪᠤᠰ ᠲᠤᠭ᠎ᠠ ᠪᠠᠷᠢᠮᠲᠠ ᠶᠢ ᠨᠡᠶᠢᠳᠬᠡᠪᠡ᠃ ᠣᠷᠣᠨ ᠤ ᠰᠢᠭᠤᠳ ᠬᠠᠷᠢᠶ᠎ᠠ 13 ᠰᠠᠯᠠᠭ᠎ᠠ ᠮᠥᠴᠢᠷ ᠤᠨ 34 ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠠᠪᠲᠠᠷᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠶᠢᠮᠠᠭ ᠤᠨ ᠱᠠᠲᠤᠨ ᠤ ᠥᠪᠡᠰᠦᠪᠡᠨ ᠪᠠᠶᠢᠭᠤᠯᠤᠭᠰᠠᠨ ᠥᠨᠳᠥᠷ ᠳᠠᠪᠲᠠᠮᠵᠢᠲᠦ ᠲᠤᠬᠠᠶᠢᠯᠠᠭᠰᠠᠨ ᠠᠵᠢᠯ ᠤᠨ ᠲᠠᠪᠴᠠᠩ ᠬᠢᠭᠡᠳ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠠᠪᠴᠠᠩ ᠢ ᠴᠥᠮ ᠨᠡᠶᠢᠳᠬᠡᠵᠦ ᠬᠤᠯᠪᠤᠭᠠᠯᠠᠨ ᠨᠡᠪᠲᠡᠷᠡᠭᠦᠯᠬᠦ ᠶᠢ ᠪᠡᠶᠡᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠰᠢᠰᠲ᠋ᠧᠮ ᠢ ᠪᠦᠷᠢᠯᠳᠦᠭᠦᠯᠪᠡ᠃      ︽4+2︾  ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠨᠡᠭᠡᠭᠡᠯᠲᠡᠲᠤ ᠲᠠᠪᠴᠠᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠶᠢᠳᠬᠡᠵᠦ ᠬᠠᠮᠲᠤ ᠪᠠᠷ ᠡᠳ᠋ᠯᠡᠬᠦ ᠨᠡᠭᠡᠭᠡᠯᠲᠡᠲᠤ ᠬᠡᠷᠡᠭᠯᠡᠭᠡᠨ ᠤ ᠰᠢᠨ᠎ᠡ ᠶᠢ ᠡᠭᠦᠳᠦᠭᠰᠡᠨ ᠨᠢ ᠮᠠᠨ ᠤ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠣᠯᠣᠭᠰᠠᠨ ᠪᠣᠳᠠᠲᠠᠢ ᠦᠷ᠎ᠡ ᠪᠦᠲᠦᠮᠵᠢ ᠶᠢᠨ ᠨᠢᠭᠡ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢ ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠠᠶᠢᠮᠠᠭ ᠤᠨ ᠲᠣᠭᠠᠴᠢᠯᠠᠭᠰᠠᠨ᠂ ᠣᠶᠤᠨᠴᠢᠯᠠᠭᠰᠠᠨ ᠵᠠᠰᠠᠭ ᠤᠨ ᠣᠷᠳᠣᠨ ᠤ ᠠᠵᠢᠯᠯᠠᠭᠠᠨ ᠤ ᠰᠢᠨ᠎ᠡ ᠬᠡᠯᠪᠡᠷᠢ ᠪᠠᠶᠢᠳᠠᠯ ᠢ ᠪᠣᠶ ᠪᠣᠯᠭᠠᠪᠠ᠃      ᠤᠶᠢᠯᠠᠭᠠᠭᠰᠠᠨ ᠢᠶᠠᠷ᠂ ᠣᠲᠣᠬᠠᠨ ᠪᠣᠯᠲᠠᠯ᠎ᠠ᠂ ᠪᠥᠬᠦ ᠠᠶᠢᠮᠠᠭ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠪᠴᠠᠩ ᠳᠤ 2.8 ᠳ᠋ᠦᠩᠰᠢᠭᠤᠷ ᠭᠠᠷᠤᠢ ᠵᠤᠷᠪᠤᠰ ᠲᠤᠭ᠎ᠠ ᠪᠠᠷᠢᠮᠲᠠ ᠶᠢ ᠴᠤᠭᠯᠠᠭᠤᠯᠵᠤ᠂ ᠨᠡᠶᠢᠲᠡ 48 ᠰᠠᠯᠠᠭ᠎ᠠ ᠮᠥᠴᠢᠷ ᠤᠨ 626 ᠲᠥᠷᠥᠯ ᠤᠨ 207 ᠲᠦᠮᠡ ᠭᠠᠷᠤᠢ ᠵᠤᠷᠪᠤᠰ ᠲᠤᠭ᠎ᠠ ᠪᠠᠷᠢᠮᠲᠠ ᠶᠢ ᠨᠡᠶᠢᠲᠡᠯᠡᠠ᠂ ᠲᠤᠭ᠎ᠠ ᠪᠠᠷᠢᠮᠲᠠ ᠶᠢ ᠰᠢᠯᠵᠢᠬᠦᠯᠦᠨ ᠬᠡᠷᠡᠭᠯᠡᠭᠰᠡᠨ ᠪᠠᠶᠢᠳᠠᠯ 91.31 ᠲᠦᠮᠡ ᠭᠠᠷᠤᠢ ᠤᠳᠠᠭ᠎ᠠ ᠪᠠᠶᠢᠵᠦ᠂ 179 ᠲᠥᠷᠥᠯ ᠤᠨ 18 ᠲᠦᠮᠡ ᠭᠠᠷᠤᠢ ᠵᠤᠷᠪᠤᠰ ᠲᠤᠭ᠎ᠠ ᠪᠠᠷᠢᠮᠲᠠ ᠶᠢ ᠨᠡᠭᠡᠭᠡᠯᠲᠠ ᠲᠠᠢ ᠪᠤᠯᠭᠠᠪᠠ᠃      ᠲᠣᠭᠠᠴᠢᠯᠠᠭᠰᠠᠨ ᠠᠵᠤ ᠠᠬᠤᠢ ᠶᠢᠨ ᠡᠯ᠎ᠡ ᠬᠦᠷᠢᠶᠡᠨ ᠳᠤ ᠲᠦᠷᠭᠡᠨ ᠨᠡᠪᠴᠢᠬᠦ ᠶᠢ ᠳᠠᠭᠠᠯᠳᠤᠨ᠂ ᠮᠠᠨ ᠤ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠢ ᠪᠤᠯᠪᠠᠰᠤᠷᠠᠭᠤᠯᠵᠦ ᠭᠠᠳᠠᠬᠰᠢ ᠭᠠᠷᠭᠠᠬᠤ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠮᠠᠨ ᠤ ᠠᠶᠢᠮᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠮᠠᠯ ᠠᠵᠤ ᠠᠬᠤᠢ ᠳᠤ ᠬᠦᠴᠦᠨ ᠨᠡᠮᠡᠷᠢᠯᠡᠵᠦ ᠪᠤᠢ᠃ ᠥᠪᠥᠷ ᠮᠣᠩᠭᠤᠯ ᠤᠨ ᠢ ᠮᠦ ᡁᠢ ᠯᠢᠶᠠᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ︽ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ + ᠮᠥᠩᠭᠦᠨ ᠭᠦᠢᠯᠭᠡᠭᠡ︾ ᠪᠠᠷ ᠲᠣᠰ ᠭᠠᠵᠠᠷ ᠣᠷᠣᠨ ᠤ ᠪᠠᠨ ᠮᠠᠯ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠮᠠᠯ ᠠᠵᠤ ᠠᠬᠤᠢ ᠶᠢᠨ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠᠷ ᠰᠠᠭᠤᠷᠢ ᠪᠣᠯᠭᠠᠵᠤ᠂ ᠲᠡᠵᠢᠭᠡᠨ ᠦᠷᠡᠵᠢᠭᠦᠯᠬᠦ ᠡᠷᠦᠬᠡ ᠳᠤ ᠮᠡᠷᠭᠡᠵᠢᠯ᠂ ᠡᠵᠡᠩᠨᠡᠨ ᠪᠣᠷᠣᠯᠠᠭᠤᠯᠤᠯᠲᠠ ᠪᠠ ᠮᠥᠩᠭᠦᠨ ᠭᠦᠢᠯᠭᠡᠭᠡ ᠵᠡᠷᠭᠡ ᠶᠢᠨ ᠦᠢᠯᠡᠴᠢᠯᠡᠭᠡ ᠬᠠᠩᠭᠠᠵᠤ ᠪᠠᠶᠢᠨ᠎ᠠ᠃ ᠣᠳᠤᠬᠠᠨ ᠪᠣᠯᠲᠠᠯ᠎ᠠ᠂ ᠲᠣᠰ ᠺᠣᠮᠫᠠᠨᠢ ᠨᠡᠶᠢᠲᠡ 18420 ᠮᠠᠯᠴᠢᠨ ᠲᠠᠷᠢᠶᠠᠴᠢᠨ ᠡᠷᠦᠬᠡ᠂ 10 ᠪᠣᠷᠳᠣᠠ ᠲᠠᠷᠭᠤᠯᠠᠭᠤᠯᠬᠤ ᠠᠵᠤ ᠠᠬᠤᠶᠢᠯᠠᠯ᠂ 47 ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠬᠤᠳᠠᠯᠳᠤᠭᠠᠴᠢᠨ ᠳᠤ ᠦᠢᠯᠡᠴᠢᠯᠡᠵᠦ᠂ ᠲᠡᠵᠢᠭᠡᠨ ᠦᠷᠡᠵᠢᠭᠦᠯᠬᠦ ᠡᠷᠦᠬᠡ ᠪᠦᠷᠢ ᠶᠢᠨ ᠥᠪᠡᠷ ᠤᠨ ᠥᠷᠲᠡᠭ ᠢ ᠳᠤᠮᠳᠠᠴᠢ ᠪᠠᠷ 1.6 ᠲᠦᠮᠡᠨ ᠲᠥᠭᠦᠷᠢᠭ ᠪᠠᠭᠤᠷᠠᠭᠤᠯᠵᠤ᠂ 2 ᠲᠦᠮᠡᠨ ᠲᠥᠭᠦᠷᠢᠭ ᠤᠨ ᠦᠷ᠎ᠡ ᠠᠰᠢᠭ ᠢ ᠨᠡᠮᠡᠭᠳᠡᠭᠦᠯᠵᠡᠢ᠃      ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠭᠠᠴᠢᠯᠠᠭᠰᠠᠨ᠂ ᠣᠶᠤᠨᠴᠢᠯᠠᠭᠰᠠᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠠᠷᠠᠳ ᠣᠯᠠᠨ ᠳᠤ ᠨᠡᠶᠢᠳᠡᠮ ᠠᠰᠢᠭ ᠬᠦᠷᠲᠡᠭᠡᠵᠦ ᠪᠠᠶᠢᠨ᠎ᠠ᠃ ᠪᠥᠬᠦ ᠠᠶᠢᠮᠠᠭ ᠤᠨ ᠬᠢᠨ ᠡᠷᠡᠭᠦᠯ ᠮᠡᠨᠳᠦ ᠶᠢᠨ ᠦᠨᠡᠮᠯᠡᠯ ᠵᠡᠷᠭᠡ 252 ᠲᠥᠷᠥᠯ ᠤᠨ 158 ᠲᠦᠮᠡᠨ ᠦᠨᠡᠮᠯᠡᠯ ᠢ ᠪᠡᠶᠡᠯᠡᠭᠦᠯᠵᠦ᠂ 472 ᠵᠦᠢᠯ ᠤᠨ ᠤᠴᠢᠷ ᠶᠠᠪᠤᠳᠠᠯ ᠢ ︽ᠰᠦᠯᠵᠢᠶᠡᠨ ᠳᠡᠭᠡᠷ᠎ᠠ ᠨᠡᠶᠢᠳᠡᠮ ᠭᠦᠢᠴᠡᠳᠬᠡᠬᠦ︾ ᠶᠢ ᠪᠠᠶᠡᠯᠡᠭᠦᠯᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号