ᠣᠶᠢᠷ᠎ᠠ ᠶᠢᠨ ᠵᠢᠯ ᠳᠤ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠲᠤ ᠠᠵᠢᠯ | ᠣᠯᠭᠤᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠵᠤ ᠦᠢᠯᠡᠰ ᠤᠨ ᠦᠢᠯᠡᠳᠦᠯ᠂ ᠭᠥᠯᠢᠶᠡᠨ ᠠᠪᠴᠤ | ᠠᠵᠢᠯ ᠣᠯᠭᠤᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ᠂ ᠣᠨᠴᠠᠯᠢᠭᠲᠤ ᠨᠠᠷᠠᠲᠤ ᠲᠡᠮᠳᠡᠭ ᠢ ᠡᠭᠦᠳᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠤᠨ ᠭᠦᠢᠴᠡᠳ ᠠᠵᠢᠯ ᠣᠯᠬᠤ ᠶᠢ ᠠᠬᠢᠭᠤᠯᠪᠠ᠃ | ᠦᠡᠭᠭᠡᠷᠡᠬᠦ ᠵᠢᠯ᠂ ᠪᠥᠬᠦ ᠠᠶᠢᠮᠠᠭ ᠤᠨ ᠬᠢᠨ 465 ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ᠂ ᠡᠭᠦᠷᠭᠡ ᠪᠠᠨ | ᠪᠡᠶᠡᠯᠡᠭᠦᠯᠦᠭᠰᠡᠨ ᠨᠣᠷᠮ᠎ᠠ 125.07% ᠳᠤ ᠬᠥᠷᠪᠡ᠃ | ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠠᠪᠠᠭ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ | ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠳᠤ ᠨᠠᠶᠢᠳᠠᠨ ᠮᠠᠯᠵᠢᠭᠤᠯᠵᠦ ᠨᠠᠶᠢᠳᠠᠨ | ᠬᠠᠮᠢᠶᠠᠷᠤᠭᠤᠯᠬᠤ 4 ᠲᠥᠷᠥᠯ ᠵᠦᠢᠯ ᠢ ᠲᠤᠷᠰᠢᠨ ᠥᠷᠨᠢᠭᠦᠯᠵᠦ᠂ ᠲᠤᠬᠠᠢ ᠶᠢᠨ ᠭᠠᠵᠠᠷ ᠤᠨ ᠳᠠᠭᠠᠭᠤᠯᠤᠬᠴᠢ ᠠᠵᠤ | ᠠᠬᠤᠶᠢᠯᠠᠯ᠂ ᠲᠡᠵᠢᠭᠡᠨ ᠦᠷᠡᠵᠢᠭᠦᠯᠬᠦ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠶ ᠠᠴᠠ | ᠵᠡᠮᠳᠡᠭᠴᠦᠳ ᠲᠠᠢ ᠮᠠᠯ ᠤᠨᠤᠭ᠎ᠠ ᠶᠢ ᠨᠠᠶᠢᠳᠠᠨ ᠮᠠᠯᠵᠢᠭᠤᠯᠵᠦ ᠨᠠᠶᠢᠳᠠᠨ ᠬᠠᠮᠢᠶᠠᠷᠤᠭᠤᠯᠬᠤ ᠵᠦᠪᠳᠡᠯᠴᠡᠭᠡᠷ ᠲᠣᠭᠲᠠᠵᠤ᠂ | ᠵᠢᠯ ᠤᠨ ᠡᠴᠦᠰ ᠲᠤ ᠣᠷᠣᠭᠤᠯᠤᠭᠰᠠᠨ ᠦᠢᠯᠡᠳᠪᠦᠷᠢᠯᠡᠯ ᠤᠨ ᠬᠡᠷᠡᠭᠰᠡᠯ ᠤᠨ ᠡᠬᠡ ᠮᠥᠩᠭᠦ ᠶᠢᠨ 20% | -25% ᠪᠠᠷ ᠠᠰᠢᠭ ᠬᠤᠪᠢᠶᠠᠷᠢᠯᠠᠬᠤ ᠠᠷᠭ᠎ᠠ ᠬᠡᠯᠪᠡᠷᠢ ᠶᠢ ᠠᠪᠴᠦ᠂ ᠨᠡᠶᠢᠲᠡ 55 ᠵᠡᠮᠳᠡᠭ ᠬᠥᠮᠥᠨ ᠨᠠᠶᠢᠳᠠᠨ | ᠮᠠᠯᠵᠢᠭᠤᠯᠵᠦ ᠨᠠᠶᠢᠳᠠᠨ ᠬᠠᠮᠢᠶᠠᠷᠤᠭᠤᠯᠬᠤ ᠵᠦᠪᠳᠡᠯᠴᠡᠭᠡᠷ ᠲᠣᠭᠲᠠᠵᠤ᠂ ᠵᠢᠯ ᠳᠤ ᠬᠥᠮᠥᠨ ᠳᠤᠮᠳᠠᠴᠢ ᠶᠢᠨ | ᠣᠷᠣᠯᠭ᠎ᠠ ᠪᠠᠨ 3000 ᠭᠠᠷᠤᠢ ᠲᠥᠭᠦᠷᠢᠭ ᠨᠡᠮᠡᠭᠳᠡᠭᠦᠯᠵᠠᠢ᠃ ᠠᠶᠢᠮᠠᠭ ᠤᠨ ᠵᠡᠮᠳᠡᠭᠴᠦᠳ ᠤᠨ | ᠬᠤᠯᠪᠣᠭ᠎ᠠ ᠶᠢᠨ ᠬᠢᠨ ᠪᠠᠰᠠ ᠲᠠᠶᠢᠹᠤᠰᠧ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ ᠵᠡᠷᠭᠡ ᠭᠠᠵᠠᠷ ᠲᠠᠢ | ᠲᠤᠷᠰᠢᠨ ᠬᠠᠮᠲᠤᠷᠠᠯᠴᠠᠵᠤ᠂ 35 ᠵᠡᠮᠳᠡᠭᠴᠦᠳ ᠤᠨ ᠬᠦᠷᠢᠶᠡᠯᠡᠩ ᠲᠤᠭᠤᠷᠢᠭ ᠤᠨ ᠠᠵᠤ ᠠᠬᠤᠢ ᠶᠢ | ᠬᠥᠭᠵᠢᠭᠦᠯᠬᠦ ᠶᠢ ᠳᠡᠮᠵᠢᠵᠦ᠂ ᠵᠢᠯ ᠳᠤ ᠬᠥᠮᠥᠨ ᠳᠤᠮᠳᠠᠴᠢ ᠶᠢᠨ ᠤᠷᠤᠯᠭ᠎ᠠ ᠶᠢ 6000 ᠭᠠᠷᠤᠢ ᠲᠥᠭᠦᠷᠢᠭ | ᠨᠡᠮᠡᠭᠳᠡᠭᠦᠯᠵᠠᠢ᠃ ᠣᠲᠣᠬᠠᠨ ᠪᠣᠯᠲᠠᠯ᠎ᠠ᠂ ᠪᠥᠬᠦ ᠠᠶᠢᠮᠠᠭ ᠤᠨ ᠬᠢᠨ ᠵᠡᠮᠳᠡᠭᠴᠦᠳ ᠢ ᠲᠤᠰᠠᠯᠠᠬᠤ ᠲᠥᠷᠥᠯ ᠵᠦᠢᠯ ᠳᠤ | ᠨᠡᠶᠢᠲᠡ 298 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 81 | ᠵᠡᠮᠳᠡᠭᠴᠦᠳ ᠲᠤ ᠠᠵᠢᠯ ᠣᠯᠭᠤᠵᠤ᠂ ᠠᠵᠤ ᠦᠢᠯᠡᠰ ᠢᠶᠠᠷ ᠳᠠᠮᠵᠢᠨ 122 ᠵᠡᠮᠳᠡᠭᠴᠦᠳ ᠲᠤ ᠲᠤᠰᠠᠯᠠᠮᠵᠢ | ᠦᠵᠡᠭᠦᠯᠵᠠᠢ᠃ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ | ᠲᠦᠷᠦᠭᠦᠯᠡᠨ ᠵᠡᠮᠳᠡᠭᠴᠦᠳ ᠲᠤ ᠠᠵᠢᠯ ᠣᠯᠭᠤᠬᠤ᠂ ᠬᠤᠲᠠ ᠪᠠᠯᠭᠠᠰᠦᠨ ᠤ ᠵᠡᠮᠳᠡᠭᠴᠦᠳ ᠲᠤ ᠳᠡᠮᠵᠢᠯᠭᠡ ᠶᠢᠨ | ᠴᠢᠨᠠᠷᠲᠠᠢ ᠠᠵᠢᠯ ᠣᠯᠭᠤᠬᠤ ᠲᠠᠯᠠᠪᠤᠷ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠵᠡᠮᠳᠡᠭᠴᠦᠳ ᠲᠤ ᠠᠵᠢᠯ ᠤᠨ ᠪᠠᠶᠢᠷᠢ ᠬᠠᠨᠭ᠍ᠭᠠᠪᠠ᠃ ᠣᠳᠣᠬᠠᠨ ᠪᠣᠯᠲᠠᠯ᠎ᠠ᠂ ᠪᠦᠬᠦ ᠠᠶᠢᠮᠠᠭ ᠤᠨ 93 ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ | 319 ᠵᠡᠮᠳᠡᠭᠴᠦᠳ ᠲᠤ ᠠᠵᠢᠯ ᠤᠯᠭᠤᠵᠦ᠂ 131 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠠᠶᠢᠴᠢᠯᠠᠨ | 298 ᠵᠡᠮᠳᠡᠭᠴᠦᠳ ᠲᠤ ᠠᠵᠢᠯ ᠤᠯᠭᠤᠵᠠᠢ᠂ ᠡᠭᠦᠨ ᠠᠴᠠ ᠭᠠᠳᠠᠨ᠎ᠠ᠂ 270 ᠲᠦᠮᠡᠨ ᠲᠥᠭᠦᠷᠢᠭ ᠤᠨ ᠪᠡᠯᠡ | ᠮᠥᠩᠭᠦ ᠣᠷᠣᠭᠤᠯᠵᠤ ᠬᠤᠳᠠ ᠪᠠᠯᠭᠠᠰᠤᠨ ᠤ ᠵᠡᠮᠳᠡᠭᠴᠦᠳ ᠤᠨ ᠳᠡᠮᠵᠢᠯᠭᠡ ᠶᠢᠨ ᠴᠢᠨᠠᠷᠲᠠᠢ ᠠᠵᠢᠯ ᠣᠯᠭᠤᠯᠲᠠ ᠶᠢᠨ | ᠲᠠᠯᠠᠪᠤᠷ ᠭᠠᠵᠠᠷ 10 ᠶᠢ ᠪᠠᠶᠢᠭᠤᠯᠵᠤ᠂ ᠨᠡᠶᠢᠳᠡ 147 ᠵᠡᠮᠳᠡᠭᠴᠦᠳ ᠢ ᠲᠤᠬᠢᠷᠠᠭᠤᠯᠤᠨ ᠠᠵᠢᠯ ᠤᠯᠭᠤᠵᠠᠢ᠃ | ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠨᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠲᠠᠢ ᠬᠠᠮᠲᠤᠷᠠᠨ ᠵᠡᠮᠳᠡᠭ ᠣᠶᠤᠲᠠᠳ ᠲᠤ ᠠᠵᠢᠯ ᠣᠯᠭᠤᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠢ ᠪᠠᠶᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ | ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡ ᠡᠳ᠋ᠰᠢᠭᠦᠯᠬᠦ ᠬᠦᠷᠢᠶᠡᠯᠡᠩ ᠲᠣᠭᠤᠷᠢᠭ ᠵᠡᠷᠭᠡ ᠭᠤᠷᠪᠠᠳᠠᠭᠢ | ᠡᠲᠡᠭᠡᠳ ᠲᠠᠢ ᠬᠠᠮᠲᠤᠷᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠢ ᠬᠠᠮᠲᠤᠪᠠᠷ ᠪᠠᠶᠢᠭᠤᠯᠵᠤ᠂ ᠪᠣᠯᠪᠠᠰᠤᠷᠠᠯ ᠳᠤ ᠤᠷᠤᠯᠴᠠᠬᠰᠠᠨ ᠨᠣᠷᠮ᠎ᠠ 100% ᠳᠤ ᠬᠦᠷᠪᠡ᠃ | ᠡᠭᠦᠨ ᠠᠴᠠ ᠭᠠᠳᠠᠨ᠎ᠠ᠂ ᠠᠶᠢᠮᠠᠭ ᠤᠨ ᠵᠡᠮᠳᠡᠭᠴᠦᠳ ᠲᠤ ᠠᠵᠢᠯ ᠣᠯᠭᠤᠵᠤ ᠦᠢᠯᠡᠰ ᠪᠤᠰᠬᠠᠬᠤ ᠬᠦᠪᠦᠷᠡᠭᠦᠯᠬᠦ | ᠬᠦᠷᠢᠶᠡᠯᠡᠩ ᠲᠣᠭᠤᠷᠢᠭ ᠢᠶᠠᠷ ᠲᠦᠰᠢᠭ ᠪᠣᠯᠭᠠᠵᠤ᠂ ᠵᠡᠮᠳᠡᠭ ᠦᠢᠯᠡᠰ ᠪᠤᠰᠬᠠᠬᠴᠢ ᠠᠴᠠ ᠲᠤᠬᠲᠠᠬᠰᠠᠨ | ᠬᠤᠭᠤᠴᠠᠭᠠᠨ ᠳᠤ ᠭᠡᠷ ᠤᠨ ᠲᠦᠷᠢᠶᠡᠰᠦ ᠠᠪᠬᠤ ᠦᠭᠡᠢ ᠮᠦᠷᠲᠡᠭᠡᠨ ᠦᠢᠯᠡᠰ ᠪᠤᠰᠬᠠᠬᠤ ᠨᠥᠬᠦᠪᠦᠷᠢ᠂ ᠲᠤᠰᠬᠠᠢ | ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠨᠢᠳᠤᠨᠤᠨ ᠨᠡᠶᠢᠲᠡ 19 ᠵᠡᠮᠳᠡᠭᠴᠦᠳ ᠢ ᠲᠤᠬᠢᠷᠠᠭᠤᠯᠤᠨ ᠠᠵᠢᠯ | ᠣᠯᠭᠤᠵᠠᠢ᠃ |