ᠥᠭᠡᠷᠡᠴᠢᠯᠡᠯᠲᠡ ᠶᠢᠨ ᠬᠦᠴᠦᠨ ᠢᠶᠠᠷ ᠠᠵᠤ ᠦᠢᠯᠡᠰ ᠤᠨ ᠬᠥᠭᠵᠢᠯᠲᠡ ᠶᠢᠨ ᠬᠠᠯᠠᠭᠤᠨ ᠬᠥᠷᠥᠰᠥ ᠶᠢ ᠰᠢᠮᠡᠵᠢᠭᠦᠯᠦᠨ᠎ᠠ
ᠨᠡᠶᠢᠲᠡᠯᠡᠭᠰᠡᠨ ᠴᠠᠭ᠄
2024/8/6
     ᠣᠶᠢᠷ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾  ᠢ ᠨᠡᠶᠢᠲᠡᠯᠡᠭᠰᠡᠨ ᠤ ᠳᠠᠷᠠᠭ᠎ᠠ᠂ ᠪᠦᠬᠦ ᠠᠶᠢᠮᠠᠭ ᠲᠠᠶᠠᠭᠠᠷ ᠲᠤᠩ ᠶᠡᠭᠡ ᠤᠷᠮᠠᠰᠢᠨ ᠵᠣᠷᠢᠭᠵᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠢᠴᠢ ᠡᠯ᠎ᠡ ᠠᠵᠢᠯ ᠲᠦᠷᠦᠯ ᠤᠨ ᠤᠯᠠᠨ ᠲᠦᠮᠡᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠰᠤᠷᠤᠯᠴᠠᠨ ᠣᠶᠢᠯᠠᠭᠠᠪᠠ᠃      ᠣᠯᠠᠨ ᠢᠶᠠᠷ ᠢᠶᠠᠨ᠂ ᠨᠠᠮ ᠤᠨ ᠲᠥᠪ ᠬᠤᠷᠢᠶᠠᠨ ᠤ ᠵᠢᠭᠠᠭᠰᠠᠨ ᠵᠥᠪ ᠴᠢᠭᠯᠡᠯ ᠢᠶᠠᠷ ᠭᠤᠶᠢᠪᠢᠰᠢ ᠦᠭᠡᠢ ᠴᠢᠷᠮᠠᠶᠢᠨ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠬᠦ ᠪᠠᠷ ᠲᠠᠮᠵᠢᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠠᠵᠢᠯᠯᠠᠵᠤ ᠲᠡᠷᠢᠭᠦᠨ ᠤ ᠬᠢ ᠪᠤᠯᠬᠤ ᠪᠠᠷ ᠬᠦᠴᠦᠯᠡᠨ ᠴᠢᠷᠮᠠᠶᠢᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠵᠢᠷᠤᠭ ᠲᠥᠯᠥᠪᠯᠡᠭᠡ ᠶᠢ ᠲᠠᠯ᠎ᠠ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠭᠡᠵᠦ ᠰᠠᠨᠠᠯ ᠨᠢᠭᠡᠳᠡᠢ ᠢᠯᠡᠷᠭᠡᠶᠢᠯᠡᠵᠡᠭᠡᠪᠡ᠃      ᠪᠦᠬᠦᠳᠡ ᠬᠤᠷᠠᠯ ᠠᠴᠠ ᠵᠠᠬ᠎ᠠ ᠳᠡᠯᠭᠡᠭᠦᠷ ᠤᠨ ᠦᠨᠳᠦᠰᠦᠨ ᠳᠦᠷᠢᠮ ᠢ ᠨᠢᠭᠡᠳᠬᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠡᠷᠬᠡ ᠲᠡᠭᠰᠢ ᠨᠢᠭᠡᠳᠬᠡᠬᠦ᠂ ᠵᠠᠬ᠎ᠠ ᠳᠡᠯᠭᠡᠭᠦᠷ ᠤᠨ ᠲᠥᠬᠦᠭᠡᠷᠦᠮᠵᠢ ᠶᠢ ᠥᠨᠳᠥᠷ ᠪᠠᠷᠢᠮᠵᠢᠶ᠎ᠠ ᠪᠠᠷ ᠬᠤᠯᠪᠣᠯᠳᠤᠭᠤᠯᠤᠨ ᠨᠡᠪᠲᠡᠷᠡᠭᠦᠯᠬᠦ ᠶᠢ ᠠᠬᠢᠭᠤᠯᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠠᠷᠠᠯᠵᠢᠶᠠᠴᠢᠨ ᠤᠷᠢᠵᠤ ᠪᠡᠯᠡ ᠲᠠᠳᠠᠬᠤ ᠰᠠᠯᠠᠭᠠᠨ ᠤ ᠳᠠᠷᠤᠭ᠎ᠠ ᠲᠠᠶᠢᠴᠢᠨ ᠢᠯᠡᠷᠬᠡᠶᠢᠯᠡᠬᠦ ᠳᠡᠭᠡᠨ᠄ ︽ᠪᠢᠳᠡ ᠡᠬᠢ ᠪᠠᠶᠠᠯᠢᠭ ᠪᠣᠯᠣᠨ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠱᠠᠭᠠᠷᠳᠠᠯᠭ᠎ᠠ ᠶᠢᠨ ᠲᠣᠭᠤᠷᠢᠨ ᠳᠤ ᠥᠭᠡᠷᠡᠴᠢᠯᠡᠯᠲᠡ ᠢᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠰᠡᠳᠬᠢᠬᠦᠢ᠂ ᠨᠡᠭᠡᠭᠡᠯᠲᠡ ᠶᠢᠨ ᠠᠷᠭ᠎ᠠ ᠪᠠᠷ ᠨᠠᠷᠢᠯᠢᠭ ᠣᠨᠤᠪᠴᠢᠳᠠᠢ᠂ ᠰᠢᠨᠵᠢᠯᠡᠬᠦ ᠤᠬᠠᠭᠠᠨᠴᠢᠯᠠᠬᠰᠠᠨ᠂ ᠳᠦᠷᠢᠮᠵᠢᠭᠰᠡᠨ ᠠᠷᠠᠯᠵᠢᠶᠠᠴᠢᠨ ᠤᠷᠢᠵᠤ ᠪᠡᠯᠡ ᠲᠠᠳᠠᠬᠤ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠬᠦᠭᠵᠢᠭᠡᠨ᠎ᠠ︾ ᠭᠡᠪᠡ᠃      ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠭᠤᠣᠯᠯᠠᠬᠤ ᠭᠠᠵᠠᠷ ᠣᠷᠣᠨ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠰᠢᠯᠢ ᠶᠢᠨ ᠬᠤᠳᠠ ᠨᠢᠭᠡ ᠪᠦᠯᠦᠭ ᠭᠤᠣᠯᠳᠠᠯᠭ᠎ᠠ ᠲᠠᠢ ᠰᠠᠯᠬᠢᠨ ᠬᠦᠴᠦᠨ ᠤ ᠴᠠᠬᠢᠯᠭᠠᠨ ᠤ ᠲᠤᠨᠤᠭᠯᠠᠯ ᠦᠢᠯᠡᠳᠭᠡᠯ ᠤᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠰᠠᠯᠬᠢᠨ ᠬᠦᠴᠦᠨ ᠤ ᠴᠠᠬᠢᠯᠭᠠᠨ ᠤ ᠲᠤᠨᠤᠬᠯᠠᠯ ᠦᠢᠯᠡᠳᠭᠡᠯ ᠤᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠪᠡ᠃ ᠰᠢᠯᠢ ᠶᠢᠨ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠷᠠᠨ ᠢᠯᠡᠷᠬᠡᠶᠢᠯᠡᠬᠦ ᠳᠡᠭᠡᠨ᠄ ︽ᠪᠦᠭᠦᠳᠡ ᠬᠤᠷᠠᠯ ᠠᠴᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠭᠦ ᠭᠡᠷᠡᠭᠳᠡᠢ ᠭᠡᠵᠦ ᠲᠤᠷᠠᠳᠤᠬᠰᠠᠨ ᠨᠢ ᠪᠢᠳᠡᠨ ᠤ ᠲᠠᠷᠠᠭ᠎ᠠ ᠠᠯᠬᠤᠮ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠦᠭᠪᠡ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠦᠷᠦᠯ ᠵᠦᠢᠯ ᠢ ᠲᠦᠷᠭᠡᠨ ᠡᠬᠢᠯᠡᠭᠦᠯᠵᠦ᠂ ᠲᠤᠯᠭᠠᠭᠤᠷᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠤᠷᠤᠯᠳᠤᠭᠠᠨ ᠤ ᠵᠠᠮ ᠢ ᠴᠢᠷᠮᠠᠶᠢᠨ ᠡᠭᠦᠳᠴᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ︾ ᠭᠡᠪᠡ᠃      ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠨᠢ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠤᠯᠪᠣᠭᠳᠠᠵᠤ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠵᠠᠮ ᠮᠥᠨ᠃ ᠮᠢᠩ ᠶᠠᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠤᠷ᠎ᠠ ᠮᠡᠷᠭᠡᠵᠢᠯ ᠲᠣᠨᠣᠭᠯᠠᠯ ᠤᠨ ᠰᠠᠯᠠᠭᠠᠨ ᠤ ᠳᠠᠷᠤᠭ᠎ᠠ ᠬᠤᠸᠠᠩ ᠳ᠋ᠦᠩ ᠢᠯᠡᠷᠭᠡᠶᠢᠯᠡᠭᠦ ᠳᠡᠭᠡᠨ᠄ ︽ᠪᠥᠬᠦᠳᠡ ᠬᠤᠷᠠᠯ ᠠᠴᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠰᠢᠨ᠎ᠡ ᠡᠨᠧᠷᠭᠢ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠠᠭᠤᠯᠭ᠎ᠠ ᠶᠢ ᠠᠩᠬᠠᠷᠤᠭᠰᠠᠨ ᠪᠥᠭᠡᠳ ᠡᠨᠧᠷᠭᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠪᠡ᠃ ᠢᠷᠡᠭᠡᠳᠦᠢ ᠳᠤ᠂ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ ᠲᠥᠪᠯᠡᠷᠡᠭᠦᠯᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠮᠡᠷᠭᠡᠵᠢᠯ ᠤᠨ ᠰᠢᠨ᠎ᠡ ᠶᠢ ᠡᠭᠦᠳᠬᠦ ᠳᠤ ᠰᠠᠭᠤᠷᠢᠯᠠᠨ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠨ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号