2024 ᠣᠨ ᠤ ᠪᠦᠬᠦ ᠠᠶᠢᠮᠠᠭ ᠤᠨ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠠ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/10
     9 ᠰᠠᠷ᠎ᠠ ᠶᠢᠨ 9 ᠤ ᠡᠳᠦᠷ᠂ 2024 ᠣᠨ ᠤ ᠪᠦᠬᠦ ᠠᠶᠢᠮᠠᠭ ᠤᠨ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠠ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠵᠢᠭᠠᠬᠤ ᠳᠠᠭᠠᠨ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ ᠤᠨ ︽ᠬᠤᠤᠰ ᠪᠠᠶᠠᠷ︾ ᠣᠢᠢᠷᠠᠳᠴᠤ᠂ ᠲᠡᠷᠡᠴᠢᠯᠡᠨ ᠡᠯ᠎ᠡ ᠲᠥᠷᠥᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠠᠩᠭᠢᠯᠠᠭ᠎ᠠ ᠶᠢᠨ ᠱᠠᠲᠤᠨ ᠳᠤ ᠣᠷᠣᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠪᠠᠶᠢᠨ᠎ᠠ᠂ ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠴᠠᠬᠢᠯᠭᠠᠨ ᠬᠦᠴᠦᠨ ᠤ ᠠᠵᠢᠯ ᠲᠦᠷᠦᠯ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠭᠠᠯ ᠰᠡᠷᠭᠡᠶᠢᠯᠡᠵᠦ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠳᠠᠯ ᠦᠭᠡᠢ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠤᠷᠤᠬᠤ ᠪᠤᠯᠤᠨ᠎ᠠ᠂ ︽ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠪᠠᠭ᠎ᠠ ᠳᠤᠨᠢ ᠰᠶᠢᠳᠪᠦᠷᠢᠯᠡᠬᠦ︾ ᠪᠠᠷᠢᠮᠵᠢᠶ᠎ᠠ ᠶᠢ ᠡᠷᠡᠰ ᠦᠢᠯᠡᠳᠦᠯᠭᠡᠵᠢᠭᠦᠯᠵᠦ᠂ ᠭᠠᠯ ᠲᠦᠢᠮᠡᠷ ᠤᠨ ᠡᠬᠢ ᠰᠤᠷᠪᠤᠯᠵᠢ ᠶᠢ ᠴᠢᠩᠭ᠎ᠠ ᠡᠵᠡᠮᠳᠡᠬᠦ ᠶᠢ ᠭᠠᠯ ᠲᠣᠶᠢᠮᠡᠷ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠠᠯ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ᠂ ᠤᠬᠠᠭᠤᠯᠤᠨ ᠬᠥᠮᠥᠵᠢᠭᠦᠯᠬᠦ ᠪᠠ ᠵᠢᠵᠢᠭᠦᠷᠯᠡᠨ ᠰᠠᠬᠢᠬᠤ ᠵᠡᠷᠭᠡ ᠠᠵᠢᠯ ᠢ ᠴᠢᠩᠭᠠᠳᠬᠠᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠠᠢ᠃      ᠠᠶᠢᠮᠠᠭ ᠤᠨ ᠤᠳᠤᠷᠢᠳᠤᠯᠭ᠎ᠠ ᠵᠢᠶᠠ ᠸᠧᠨ ᠽᠥᠩ᠂ ᠰᠦᠨ ᠵᠧᠨ ᠵᠢᠶᠠᠩ ᠪᠣᠳᠠᠲᠠᠢ ᠠᠵᠢᠯ ᠢ ᠪᠠᠶᠢᠷᠢᠯᠠᠭᠤᠯᠪᠠ᠃ ᠬᠤᠷᠠᠯ ᠢ  ᠸᠢᠳᠢᠣ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠬᠦᠷᠲᠡᠯ᠎ᠠ ᠬᠤᠷᠠᠯᠳᠤᠭᠤᠯᠪᠠ᠃                                                     ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号