ᠰᠢ ᠶᠢᠨ ᠫᠢᠩ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠥᠬᠦ ᠤᠯᠤᠰ ᠤᠨ ᠥᠷᠭᠡᠨ ᠣᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠦᠩᠨᠡᠯ ᠳᠡᠪᠰᠢᠭᠦᠯᠪᠡ
ᠨᠡᠶᠢᠲᠡᠯᠡᠭᠰᠡᠨ ᠴᠠᠭ᠄
2024/9/10
     ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠳ᠋ᠦ᠋ᠭᠡᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ 9 ᠤ ᠡᠳᠦᠷ ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ 9 ᠳ᠋ᠦ᠋ᠭᠡᠷ ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠳᠦᠴᠢᠳᠡᠬᠢ ᠪᠠᠭᠰᠢ ᠶᠢᠨ ᠪᠠᠶᠠᠷ ᠤᠨ ᠡᠳᠦᠷ ᠪᠣᠯᠣᠨ᠎ᠠ᠂ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠦᠩᠨᠡᠯ ᠳᠡᠪᠰᠢᠭᠦᠯᠵᠡᠢ᠃ ᠲᠡᠷᠡ᠂ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠮᠥᠨ᠃ ᠪᠠᠭᠰᠢ ᠶᠢᠨ ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠲᠤᠬᠠᠶᠢᠯᠠᠭᠰᠠᠨ ᠠᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠠᠭᠰᠢᠯᠠᠭᠰᠠᠨ ᠣᠨ ᠤ ᠨᠡᠮᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠪᠠᠭᠰᠢ ᠶᠢᠨ ᠲᠤᠬᠠᠶᠢᠯᠠᠭᠰᠠᠨ ᠠᠵᠢᠯ ᠤᠨ ᠨᠡᠷ᠎ᠡ ᠬᠦᠨᠳᠦ ᠪᠠ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠤᠰᠤ ᠡᠭᠦᠷᠭᠡ ᠶᠢᠨ ᠳᠠᠷᠤᠭᠠᠰᠤ ᠶᠢ ᠬᠥᠩᠭᠡᠷᠡᠭᠦᠯᠵᠦ᠂ ᠪᠠᠭᠰᠢ ᠶᠢᠨ ᠢᠷᠠᠭᠤ ᠠᠯᠳᠠᠷᠲᠠᠢ ᠪᠠᠷ ᠠᠵᠢᠯ ᠠᠴᠠ ᠪᠠᠨ ᠪᠠᠭᠤᠵᠤ ᠠᠮᠠᠷᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠯᠢᠳᠡᠭ ᠪᠠᠭᠰᠢ ᠶᠢ ᠰᠣᠩᠭᠤᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠬᠥᠬᠢᠭᠦᠯᠬᠦ ᠪᠠ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠶᠢ ᠬᠦᠷᠲᠡᠭᠡᠯᠭᠡᠵᠦ᠂ ᠨᠡᠶᠢᠭᠡᠮ ᠤᠨ ᠬᠢᠨ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠲᠤᠬᠠᠶᠢᠯᠠᠭᠰᠠᠨ ᠠᠵᠢᠯ ᠤᠨ ᠨᠢᠭᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号