ᠰᠢᠨᠬᠤᠸᠠ ᠬᠤᠷᠢᠶ᠎ᠠ ᠶᠢᠨ ᠯᠠᠨᠵᠧᠦ ᠶᠢᠨ 9 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 12 ᠤᠨ ᠦᠳᠡ ᠶᠢᠨ ᠬᠤᠶᠢᠨ᠎ᠠ ᠭᠠᠨᠰᠤ ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠮᠠᠭᠠᠯᠠᠯᠲᠠ ᠶᠢ ᠴᠢᠬᠤᠯᠠᠴᠢᠯᠠᠬᠤ᠂ ᠵᠠᠰᠠᠯᠲᠠ ᠶᠢ ᠭᠤᠣᠯᠳᠠᠯᠭ᠎ᠠ | ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠥ᠂ ᠠᠮᠢ ᠠᠬᠤᠢ ᠶᠢ ᠤᠷᠢᠳᠠᠪᠠᠷ ᠪᠣᠳᠣᠯᠬᠢᠯᠠᠬᠤ | ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠵᠦ᠂ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ | ᠪᠦᠭᠦ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠳᠡᠭᠲᠡᠷ ᠲᠤ ᠭᠠᠷᠬᠤ᠂ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ ᠲᠠᠢ ᠪᠤᠯᠬᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ | ᠪᠦᠲᠦᠮᠵᠢ ᠣᠯᠬᠤ᠂ ᠠᠷᠠᠳ ᠣᠯᠠᠨ ᠤ ᠠᠮᠢᠳᠤᠷᠠᠯ ᠰᠢᠨ᠎ᠡ ᠰᠠᠶᠢᠵᠢᠷᠠᠯᠲᠠ ᠲᠠᠢ ᠪᠤᠯᠬᠤ ᠶᠢ ᠠᠬᠢᠭᠤᠯᠵᠤ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ | ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 9 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠠᠨᠰᠤ ᠮᠤᠵᠢ ᠶᠢᠨ | ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ | ᠵᠧᠩ ᠱᠠᠨ ᠵᠢᠶᠧ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ᠂ ᠱᠠᠨᠰᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠵᠤᠤ ᠢ ᠳ᠋ᠧ᠂ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ ᠤᠷᠢᠳ | ᠬᠤᠵᠢᠳ ᠦᠭᠡ ᠬᠡᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠣᠷᠣᠨ ᠤ ᠭᠤᠣᠯ ᠬᠠᠷᠢᠭᠤᠴᠠᠯᠭᠠᠲᠠᠨ ᠪᠢᠴᠢᠭ ᠤᠨ ᠭᠡᠯᠪᠡᠷᠢ ᠶᠢᠨ | ᠦᠭᠡ ᠬᠡᠯᠡᠬᠦ ᠮᠠᠲ᠋ᠧᠷᠢᠶᠠᠯ ᠳᠡᠪᠰᠢᠭᠦᠯᠵᠡᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ | ᠲᠥᠪ ᠬᠤᠷᠢᠶ᠎ᠠ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠠᠴᠠ ᠨᠠᠭᠠᠰᠢ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠡᠨᠧᠷᠭᠢ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ | ᠲᠠᠰᠤᠷᠠᠯᠲᠠ ᠦᠭᠡᠢ ᠪᠠᠬᠢᠵᠢᠵᠦ᠂ ᠴᠢᠨᠠᠷ ᠰᠠᠶᠢᠲᠠᠢ ᠬᠥᠭᠵᠢᠯᠲᠡ ᠶᠢᠨ ᠭᠢᠯᠠᠰ ᠴᠡᠭ ᠴᠥᠭᠡᠨ ᠪᠤᠰᠤ ᠢᠯᠡᠷᠡᠵᠦ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠨᠠᠩ ᠥᠨᠳᠥᠷ ᠭᠠᠷᠤᠭ᠎ᠠ | ᠳᠡᠭᠡᠷ᠎ᠡ ᠵᠣᠭᠰᠣᠪᠠ᠃ ᠡᠭᠦᠨ ᠤ ᠬᠠᠮᠲᠤ ᠪᠠᠰᠠ ᠴᠥᠭᠡᠨ ᠪᠤᠰᠤ ᠪᠡᠷᠬᠡ ᠰᠡᠳᠦᠪ ᠢ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ | ᠪᠠᠶᠢᠬᠤ ᠶᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ | ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠬᠠᠲᠤᠨ ᠭᠤᠣᠯ ᠤᠨ ᠵᠠᠰᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ | ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠨᠠᠩ ᠳᠣᠪᠤᠶᠢᠯᠭᠠᠵᠤ᠂ ᠳᠡᠭᠡᠷ᠎ᠡ ᠳᠣᠣᠷ᠎ᠠ ᠤᠷᠤᠰᠬᠠᠯ ᠨᠡᠪᠲᠡᠷᠡᠯᠴᠡᠵᠦ ᠨᠢᠭᠡ | ᠴᠣᠭᠴᠠᠵᠢᠭᠰᠠᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠴᠢᠬᠤᠯᠠ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ | ᠴᠢᠩᠭᠠᠳᠬᠠᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠨᠡᠭᠦᠷᠡᠰᠦ ᠮᠠᠯᠲᠠᠭᠰᠠᠨ ᠠᠴᠠ | ᠪᠣᠯᠵᠤ ᠶᠡᠭᠦᠷᠡᠭᠰᠡᠨ ᠣᠷᠣᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠡᠬᠢ ᠪᠠᠶᠠᠯᠢᠭ ᠤᠨ ᠭᠡᠯᠪᠡᠷᠢ ᠪᠦᠬᠦᠢ ᠭᠠᠵᠠᠷ | ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ | ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ | ᠰᠠᠶᠢᠲᠤᠷ ᠬᠢᠵᠦ᠂ ᠴᠢᠬᠤᠯᠠ ᠰᠠᠯᠪᠤᠷᠢ ᠤᠷᠤᠰᠬᠠᠯ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠢ ᠵᠠᠰᠠᠬᠤ ᠠᠵᠢᠯ ᠢ | ᠴᠢᠩᠭᠠᠳᠬᠠᠵᠤ᠂ ᠭᠤᠣᠯ ᠳᠠᠭᠠᠵᠦ ᠨᠠᠭᠤᠷ ᠲᠣᠭᠤᠷᠢᠭᠰᠠᠨ ᠭᠠᠵᠠᠷ ᠣᠷᠣᠨ ᠤ ᠣᠷᠴᠢᠨ ᠲᠣᠭᠤᠷᠢᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠠᠭᠠᠷ ᠮᠠᠨᠳᠠᠯ ᠤᠨ ᠪᠣᠬᠢᠷᠳᠤᠯ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠪᠠᠭ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ | ᠠᠰᠢᠭᠯᠠᠬᠤ ᠶᠢ ᠶᠡᠭᠡ ᠪᠠᠷ ᠠᠬᠢᠭᠤᠯᠬᠤ ᠬᠡᠷᠡᠭᠲᠡᠢ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ︾ | ᠠᠵᠤ ᠠᠬᠤᠶᠢᠯᠠᠯ ᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠪᠦᠲᠦᠮᠵᠢᠲᠡᠢ | ᠬᠠᠮᠢᠶᠠᠷᠤᠨ ᠡᠵᠡᠮᠳᠡᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠡᠳ᠋ ᠤᠨ | ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠪᠠ | ᠪᠠᠷᠢᠮᠵᠢᠶ᠎ᠠ ᠶᠢᠨ ᠰᠢᠰᠲ᠋ᠧᠮ ᠢ ᠬᠡᠷᠡᠭᠵᠢᠭᠦᠯᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠪᠦᠭᠦ ᠰᠠᠪᠠ ᠭᠠᠵᠠᠷ᠂ ᠵᠠᠬ᠎ᠠ ᠳᠡᠯᠭᠡᠭᠦᠷᠵᠢᠭᠰᠡᠨ᠂ ᠤᠯᠠᠨ ᠡᠰᠢᠵᠢᠭᠰᠡᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ | ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠷ᠎ᠡ ᠬᠢᠵᠠᠭᠠᠷ ᠢ ᠴᠢᠩᠭ᠎ᠠ ᠰᠠᠬᠢᠵᠤ᠂ ᠤᠰᠤᠨ ᠤ | ᠬᠡᠮᠵᠢᠶ᠎ᠡ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠪᠠᠨ ᠲᠣᠭᠲᠠᠭᠠᠬᠤ᠂ ᠤᠰᠤᠨ ᠤ ᠬᠡᠮᠵᠢᠶ᠎ᠡ ᠪᠠᠷ ᠭᠠᠵᠠᠷ | ᠳᠠᠷᠢᠶ᠎ᠠ ᠪᠠᠨ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠤᠳᠠ ᠶᠢᠨ ᠬᠥᠮᠥᠨ ᠠᠮᠠ ᠶᠢᠨ ᠳᠠᠭᠠᠭᠠᠴᠠ ᠶᠢ ᠲᠣᠭᠲᠠᠭᠠᠬᠤ᠂ | ᠤᠰᠤᠨ ᠤ ᠬᠡᠮᠵᠢᠶ᠎ᠡ ᠪᠠᠷ ᠦᠢᠯᠡᠳᠪᠦᠷᠢᠯᠡᠯ ᠢᠶᠠᠨ ᠲᠣᠭᠲᠠᠭᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠪᠦᠭᠦ ᠰᠠᠪᠠ | ᠭᠠᠵᠠᠷ ᠢ ᠬᠠᠮᠤᠷᠤᠭᠰᠠᠨ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠭᠤᠣᠯ | ᠤᠷᠤᠰᠬᠠᠯ ᠪᠠ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ | ᠬᠡᠷᠡᠭᠲᠡᠢ᠃ ᠭᠠᠵᠠᠷ ᠳᠣᠣᠷᠠᠬᠢ ᠤᠰᠤᠨ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠳᠤᠮᠳᠠ ᠳᠣᠣᠷ᠎ᠠ | ᠤᠷᠤᠰᠬᠠᠯ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ | ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ︽ᠨᠠᠶᠠᠨ | ᠲᠤᠯᠤᠭᠠᠨ ᠣᠨ︾ ᠤ ᠤᠰᠤ ᠰᠠᠯᠭᠠᠬᠤ ᠲᠥᠰᠥᠯ ᠢ ᠯᠠᠪᠳᠠᠭᠤᠨ ᠢᠶᠠᠷ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠢ᠃ | ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠵᠤ᠂ ᠤᠰᠤᠨ ᠤ ᠡᠬᠢ | ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠤᠰᠤ | ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠳᠤᠨ | ᠭᠤᠣᠯ ᠤᠨ ᠠᠮᠤᠷ ᠲᠣᠭᠲᠠᠭᠤᠨ ᠢ ᠪᠦᠭᠦ ᠬᠦᠴᠦ ᠪᠠᠷ ᠢᠶᠠᠨ ᠪᠠᠲᠤᠯᠠᠬᠤ ᠬᠡᠷᠡᠭᠲᠡᠢ᠃ ᠤᠰᠤ ᠡᠯᠡᠰᠦ ᠶᠢ ᠲᠣᠬᠢᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠯᠠᠭᠴᠢ ᠤᠰᠤᠨ ᠴᠥᠭᠦᠷᠥᠮ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠢᠶᠠᠷ ᠭᠤᠣᠯ ᠪᠤᠯᠭᠠᠬᠰᠠᠨ ᠲᠣᠬᠢᠷᠠᠭᠤᠯᠭ᠎ᠠ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠭᠤᠣᠯ | ᠤᠷᠤᠰᠬᠠᠯ ᠰᠠᠯᠪᠤᠷᠢ ᠤᠷᠤᠰᠬᠠᠯ ᠢ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠶᠢ ᠪᠠᠷᠢᠮᠲᠠᠯᠠᠵᠤ᠂ ᠭᠤᠣᠯ | ᠤᠷᠤᠰᠬᠠᠯ ᠤᠨ ᠭᠤᠣᠯᠳᠠᠯᠭ᠎ᠠ ᠲᠠᠢ ᠭᠤᠣᠯ ᠤᠨ ᠬᠡᠰᠡᠭ᠂ ᠠᠶᠤᠯᠲᠠᠢ ᠪᠠᠷᠢᠯᠭ᠎ᠠ ᠶᠢᠨ ᠬᠡᠰᠡᠭ ᠤᠨ ᠵᠠᠰᠠᠯᠲᠠ ᠶᠢ ᠠᠬᠢᠭᠤᠯᠵᠤ᠂ | ᠴᠢᠬᠤᠯᠠ ᠰᠡᠷᠭᠡᠶᠢᠯᠡᠯᠲᠡ ᠶᠢᠨ ᠤᠰᠤᠨ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ᠃ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠴᠢᠬᠤᠯᠠ ᠶᠡᠭᠡ ᠢᠨᠵᠧᠨᠧᠷᠢᠩ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ᠂ | ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠬᠤ ᠬᠡᠷᠡᠭᠲᠡᠢ᠃ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠪᠠ ᠪᠠᠶᠢᠩᠭᠤᠵᠢᠭᠰᠠᠨ᠂ ᠵᠢᠩᠬᠢᠨᠢ ᠪᠠᠶᠢᠯᠳᠤᠭᠠᠨᠴᠢᠯᠠᠬᠰᠡᠨ | ᠬᠠᠮᠵᠢᠯᠴᠠᠨ ᠳᠠᠶᠢᠴᠢᠯᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠬᠤᠪᠢᠷᠠᠭᠤᠯᠬᠤ ᠶᠢ ᠠᠬᠢᠭᠤᠯᠵᠤ᠂ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠤᠬᠳᠤ | ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠪᠠ ᠲᠣᠨᠣᠭᠯᠠᠯ ᠤᠨ | ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠳᠠᠪᠠᠭᠤᠯᠢᠭ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ ᠭᠠᠩᠳᠠᠵᠤ | ᠤᠰᠤᠲᠤᠪᠠᠴᠤ ᠬᠤᠷᠢᠶᠠᠯᠲᠠ ᠶᠢ ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ | ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠵᠤ᠂ ᠲᠠᠷᠢᠶᠠᠨ ᠭᠠᠵᠠᠷ ᠤᠨ ᠶᠠᠰᠤ | ᠴᠢᠨᠠᠷ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠳᠡᠭᠡᠷᠡᠬᠢ ᠤᠷᠤᠰᠬᠠᠯ᠂ ᠭᠠᠵᠠᠷ ᠳᠣᠣᠷᠠᠬᠢ ᠤᠰᠤᠨ ᠳᠤ ᠦᠵᠡᠭᠦᠯᠭᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ | ᠭᠡᠷᠡᠯᠴᠢ ᠴᠡᠨᠡᠭ ᠤᠨ ᠰᠠᠭᠤᠷᠢᠨ ᠪᠠ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠲᠡᠷᠡᠬᠦ ᠵᠠᠮ ᠤᠨ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠴᠡᠪᠡᠷ | ᠡᠨᠧᠷᠭᠢ ᠪᠠᠷ ᠣᠷᠣᠯᠠᠭᠤᠯᠬᠤ ᠶᠢ ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ ᠰᠢᠨᠵᠢᠯᠡᠬᠦ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠤᠨ | ᠪᠥᠭᠡᠮᠨᠡᠷᠡᠯ ᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠣᠷᠣᠨ ᠪᠦᠰᠡ ᠶᠢᠨ ᠳᠣᠲᠣᠷᠠᠬᠢ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠶᠢᠨ ᠮᠡᠷᠭᠡᠵᠢᠯ ᠢ ᠰᠢᠯᠵᠢᠭᠦᠯᠬᠦ ᠪᠠ ᠠᠵᠤ | ᠦᠢᠯᠡᠰᠵᠢᠭᠦᠯᠦᠨ ᠦᠢᠯᠡᠴᠢᠯᠡᠬᠦ ᠲᠣᠭᠲᠠᠴᠠ ᠶᠢ ᠪᠠᠶᠢᠷᠢᠰᠢᠭᠤᠯᠤᠨ ᠪᠠᠶᠢᠭᠤᠯᠬᠤ ᠶᠢ ᠵᠣᠷᠢᠭᠵᠢᠭᠤᠯᠵᠤ᠂ ᠠᠵᠤ ᠦᠢᠯᠡᠰ ᠤᠨ | ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠪᠦᠭᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠴᠢᠨᠠᠷ | ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠡᠯ᠎ᠡ ᠵᠦᠢᠯ ᠤᠨ ᠭᠡᠯᠪᠡᠷᠢ ᠶᠢᠨ ᠣᠷᠣᠨ ᠨᠤᠲᠤᠭ ᠤᠨ | ᠬᠠᠮᠠᠭᠠᠯᠠᠬᠤ ᠦᠵᠡᠯ ᠢ ᠡᠷᠡᠰ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ | ᠠᠬᠤᠢ ᠶᠢᠨ ᠪᠠᠶᠢᠷᠢᠰᠢᠯ ᠪᠣᠯᠣᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠰᠢᠰᠲ᠋ᠧᠮ ᠢ ᠪᠠᠶᠢᠭᠤᠯᠵᠤ᠂ ᠣᠨᠴᠠ | ᠶᠡᠭᠡ ᠬᠤᠲᠠ ᠨᠤᠭᠤᠳ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠠᠲᠤᠨ ᠭᠤᠣᠯ ᠳᠠᠭᠠᠤ ᠶᠢᠨ | ᠬᠤᠲᠠ ᠶᠢᠨ ᠪᠥᠭᠡᠮᠨᠡᠷᠡᠯ ᠨᠢ ᠬᠥᠮᠥᠨ ᠠᠮᠠ ᠶᠢᠨ ᠲᠥᠪᠯᠡᠷᠡᠯ ᠪᠣᠯᠣᠨ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠪᠠᠨ | ᠳᠡᠭᠡᠭᠰᠢᠯᠡᠭᠦᠯᠭᠦ ᠬᠡᠷᠡᠭᠲᠡᠢ᠃ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠮᠤᠵᠢ ᠣᠷᠣᠨ ᠰᠤᠨᠳᠠᠯᠠᠭᠰᠠᠨ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠪᠤᠰᠤᠳ ᠣᠷᠣᠨ ᠪᠦᠰᠡ ᠶᠢᠨ ᠪᠠᠶᠢᠯᠳᠤᠬᠤ | ᠪᠣᠳᠣᠯᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ | ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ | ᠨᠡᠮᠡᠭᠳᠡᠭᠦᠯᠬᠦ ᠬᠡᠷᠡᠭᠲᠡᠢ᠃ ᠶᠡᠭᠡ ᠳᠤᠮᠳᠠ ᠪᠠᠭ᠎ᠠ ᠬᠤᠲᠠ ᠪᠣᠯᠣᠨ ᠪᠠᠭ᠎ᠠ ᠬᠤᠲᠠ ᠪᠠᠯᠭᠠᠰᠤ ᠶᠢᠨ ᠵᠣᠬᠢᠴᠠᠩᠭᠤᠢ ᠪᠠᠷ ᠬᠥᠭᠵᠢᠬᠦ | ᠡᠷᠴᠢᠮᠯᠢᠭ ᠠᠪᠰᠠᠷᠬᠠᠨ ᠪᠠᠶᠢᠷᠢᠰᠢᠭᠤᠯᠬᠤ ᠶᠢ ᠬᠥᠲᠥᠯᠥᠨ ᠵᠢᠯᠤᠭᠤᠳᠴᠤ᠂ ᠰᠢᠶᠠᠨ ᠤ ᠬᠤᠲᠠ ᠶᠢᠨ ᠠᠵᠤ ᠦᠢᠯᠡᠰ ᠪᠣᠯᠣᠨ | ᠬᠥᠮᠥᠨ ᠠᠮᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠠᠮᠢ ᠠᠬᠤᠢ ᠶᠢᠨ ᠬᠡᠪᠡᠷᠡᠭ ᠣᠷᠣᠨ ᠤ ᠳᠠᠭᠠᠭᠠᠬᠤ | ᠳᠠᠷᠤᠯᠲᠠ ᠶᠢ ᠬᠥᠩᠭᠡᠷᠡᠭᠦᠯᠬᠦ ᠬᠡᠷᠡᠭᠲᠡᠢ᠃ ᠰᠢᠶᠠᠨ ᠤ ᠬᠤᠲᠠ ᠶᠢᠨ ᠬᠤᠲᠠ ᠶᠢ ᠬᠤᠯᠪᠣᠬᠤ᠂ ᠬᠥᠳᠡᠭᠡ ᠲᠣᠰᠬᠤᠨ ᠢ | ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠰᠢᠶᠠᠨ ᠤ ᠬᠡᠪᠴᠢᠶᠡᠨ ᠳᠤ ᠬᠤᠲᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠤᠷᠢᠳ ᠢᠶᠠᠷ ᠪᠡᠶᠡᠯᠡᠭᠦᠯᠬᠦ ᠬᠡᠷᠡᠭᠲᠡᠢ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠥᠷᠥᠯ | ᠬᠤᠪᠢᠶᠠᠨ ᠠᠬᠢᠭᠤᠯᠵᠤ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠢᠯ | ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠤᠳᠠ ᠪᠠᠯᠭᠠᠰᠤᠨ ᠤ ᠠᠵᠤ ᠦᠢᠯᠡᠰ ᠢ ᠬᠥᠭᠵᠢᠭᠦᠯᠬᠦ ᠪᠠ ᠬᠥᠳᠡᠭᠡ | ᠲᠣᠰᠬᠤᠨ ᠤ ᠠᠵᠤ ᠦᠢᠯᠡᠰ ᠢ ᠪᠤᠶᠢᠵᠢᠭᠤᠯᠬᠤ ᠳᠤ ᠴᠥᠮ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠶᠢ | ᠴᠢᠬᠤᠯᠠᠴᠢᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ | ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠦᠨᠳᠦᠰᠦᠲᠡᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠪᠣᠯ ᠳᠤᠮᠳᠠᠳᠤ ᠶᠢᠨ ᠦᠨᠳᠦᠰᠦᠲᠡᠨ ᠪᠣᠯᠣᠨ ᠳᠤᠮᠳᠠᠳᠤ ᠶᠢᠨ | ᠪᠣᠯᠪᠠᠰᠤᠨ ᠤ ᠴᠢᠬᠤᠯᠠ ᠭᠤᠯᠣᠮᠲᠠ ᠣᠷᠣᠨ ᠮᠥᠨ᠂ ᠬᠠᠳᠤᠨ ᠭᠤᠣᠯ ᠤᠨ ᠰᠣᠶᠣᠯ ᠢ ᠬᠠᠮᠠᠭᠠᠯᠠᠨ ᠪᠠᠳᠠᠷᠠᠭᠤᠯᠵᠤ᠂ ᠲᠡᠦᠬᠡ | ᠰᠣᠶᠣᠯ ᠤᠨ ᠭᠤᠯᠣᠮᠲᠠ ᠪᠣᠯᠣᠨ ᠦᠨᠳᠦᠰᠦᠲᠡᠨ ᠤ ᠤᠭ ᠦᠨᠳᠦᠰᠦ ᠶᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ | ᠰᠣᠶᠣᠯ ᠤᠨ ᠥᠪ ᠪᠣᠯᠣᠨ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠲᠠᠢ | ᠬᠠᠮᠠᠭᠠᠯᠠᠯᠲᠠ ᠶᠢ ᠴᠢᠩᠭᠠᠳᠬᠠᠵᠤ᠂ ᠬᠠᠭᠤᠴᠢ ᠰᠤᠳᠤᠯᠤᠯ ᠵᠡᠷᠭᠡ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ | ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ | ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ ᠬᠡᠷᠡᠭᠲᠡᠢ᠃ ᠬᠠᠳᠤᠨ ᠭᠤᠣᠯ ᠤᠨ ᠰᠣᠶᠣᠯ ᠤᠨ ᠴᠠᠭ | ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ | ᠬᠦᠴᠦᠯᠡᠨ ᠴᠢᠷᠮᠠᠶᠢᠬᠤ᠂ ᠰᠢᠨᠲᠠᠷᠠᠰᠢ ᠦᠭᠡᠢ ᠲᠡᠮᠡᠴᠡᠬᠦ ᠦᠨᠳᠦᠰᠦᠲᠡᠨ ᠤ ᠵᠠᠩ ᠴᠢᠨᠠᠷ ᠪᠣᠯᠣᠨ ᠲᠡᠮᠡᠴᠡᠯ ᠤᠨ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠣᠯᠠᠨ ᠤᠯᠤᠰ ᠲᠤ ᠨᠥᠯᠥᠭᠡᠯᠡᠬᠦ ᠬᠦᠴᠦᠨ ᠪᠦᠬᠦᠢ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠥᠪ ᠤᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ︽ᠬᠠᠲᠤᠨ ᠭᠤᠣᠯ ᠤᠨ ᠨᠠᠶᠢᠷᠠᠯ ᠳᠠᠭᠤᠤ︾ ᠶᠢ | ᠰᠠᠶᠢᠲᠤᠷ ᠳᠠᠭᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠬᠤᠪᠢ | ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ | ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ ᠴᠢᠬᠤᠯᠠ ᠶᠡᠭᠡ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠣᠨ | ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ | ᠠᠬᠢᠭᠤᠯᠬᠤ ᠬᠡᠷᠡᠭᠲᠡᠢ᠃ ᠶᠡᠭᠡ ᠬᠠᠮᠠᠭᠠᠯᠠᠯᠲᠠ ᠶᠢ ᠵᠠᠩᠭᠢᠯᠠᠭ᠎ᠠ ᠶᠢᠨ ᠡᠭᠦᠷᠭᠡ ᠪᠤᠯᠭᠠᠬᠤ ᠶᠢ ᠪᠠᠷᠢᠮᠲᠠᠯᠠᠵᠤ᠂ ᠣᠷᠴᠢᠨ | ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠪᠠᠲᠤ ᠪᠠᠬᠢ᠂ ᠲᠤᠯᠭᠠᠭᠤᠷᠢᠯᠠᠯ | ᠬᠦᠴᠦᠨ ᠲᠠᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ | ︽ᠬᠥᠮᠥᠨ ᠪᠠ ᠤᠰᠤᠨ ᠤ ᠬᠠᠷᠢᠴᠠᠭ᠎ᠠ︾ ᠡᠨᠡ ᠬᠦ ᠶᠡᠭᠡ ᠶᠠᠪᠤᠳᠠᠯ ᠢ ᠨᠠᠷᠢᠯᠢᠭ ᠰᠠᠶᠢᠲᠤᠷ ᠬᠢᠵᠦ᠂ ︽ᠤᠰᠤᠨ ᠤ | ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠰᠠᠪᠠ ᠭᠠᠵᠠᠷ ᠤᠨ | ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠴᠢᠳᠠᠮᠵᠢ ᠶᠢᠨ | ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠲᠣᠰ ᠲᠣᠰ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠠᠵᠤ | ᠦᠢᠯᠡᠰ ᠤᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠬᠦ ᠬᠡᠷᠡᠭᠲᠡᠢ᠃ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠲᠤᠷ ᠣᠷᠣᠯᠴᠠᠵᠤ᠂ ᠳᠣᠲᠣᠭᠠᠳᠤ ᠭᠠᠳᠠᠭᠠᠳᠤ ᠨᠡᠭᠡᠭᠡᠯᠲᠡ ᠶᠢᠨ | ᠥᠷᠭᠡᠴᠡ ᠪᠠ ᠭᠦᠨᠴᠡ ᠶᠢ ᠥᠷᠭᠡᠳᠬᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ | ᠬᠡᠷᠡᠭᠲᠡᠢ ᠭᠡᠵᠦ ᠢᠯᠡᠳᠬᠡᠪᠡ᠃ |