ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠵᠡᠢ᠃      ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠪᠠ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃      ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠥᠪ ᠤᠨ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠺᠠᠳ᠋ᠷ ᠤᠨ ᠰᠤᠷᠭᠠᠨ ᠬᠥᠮᠦᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠸᠠᠩ ᠵᠧᠨ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠢ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠠᠵᠢᠯ ᠤᠨ ︽ ᠶᠢᠰᠦᠨ ᠡᠷᠬᠡᠪᠰᠢ︾ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠮᠠᠨ ᠤ ᠠᠶᠢᠮᠠᠭ ᠤᠨ ᠱᠠᠰᠢᠨ ᠰᠤᠷᠲᠠᠬᠤᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠦ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠨ᠂ ᠱᠠᠰᠢᠨ ᠰᠤᠷᠲᠠᠬᠤᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠠᠷᠢᠯᠭᠠᠵᠤ᠂ ᠱᠠᠰᠢᠨ ᠰᠤᠷᠲᠠᠬᠤᠨ ᠡᠶ᠎ᠡ ᠵᠤᠬᠢᠴᠠᠯ ᠲᠠᠢ᠂ ᠨᠡᠶᠢᠭᠡᠮ ᠡᠶ᠎ᠡ ᠵᠣᠬᠢᠴᠠᠯ ᠲᠠᠢ᠂ ᠦᠨᠳᠦᠰᠦᠲᠡᠨ ᠡᠶ᠎ᠡ ᠵᠤᠬᠢᠴᠠᠯ ᠲᠠᠢ ᠰᠠᠶᠢᠨ ᠰᠠᠶᠢᠬᠠᠨ ᠪᠠᠶᠢᠳᠠᠯ ᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号