ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠵᠠᠬᠢᠷᠭ᠎ᠠ ᠶᠢᠨ ᠪᠠᠶᠢᠩᠭᠤ ᠶᠢᠨ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2024/9/15
     9 ᠰᠠᠷ᠎ᠠ ᠶᠢᠨ 13 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠭᠦᠯᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠵᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠤᠶᠢᠯᠠᠭᠠᠨ ᠰᠠᠬᠢᠯᠭ᠎ᠠ ᠪᠠᠳᠦ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠤᠨ ᠪᠠᠶᠢᠩᠭᠤ ᠠᠳᠬᠤᠬᠤ ᠶᠢ ᠪᠠᠷᠢᠮᠲᠠᠯᠠᠵᠦ᠂ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠷᠢᠲᠠᠯ ᠳᠣᠣᠷ᠎ᠠ ᠵᠣᠷᠢᠭᠲᠠᠢ ᠠᠵᠢᠯᠯᠠᠨ᠂ ᠢᠳᠡᠪᠬᠢᠲᠡᠢ ᠠᠵᠢᠯᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠬᠦ᠂ ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠠᠷᠠᠳ ᠲᠦᠮᠡᠨ ᠤ ᠰᠡᠳᠭᠢᠯ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠬᠠᠷᠠᠯᠲᠠ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠠᠰᠢᠭ ᠭᠥᠷᠳᠡᠭᠡᠬᠦ ᠬᠡᠪᠴᠢᠶ᠎ᠡ ᠶᠢ ᠥᠷᠭᠡᠳᠬᠡᠨ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠣᠬᠠᠢ ᠶᠢᠨ ᠡᠳᠦᠷ᠂ ᠠᠶᠢᠮᠠᠭ ᠤᠨ ᠵᠠᠬᠢᠷᠭ᠎ᠠ 2024 ᠣᠨ ᠤ ᠬᠤᠷᠢᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠨᠦᠭᠡᠴᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠪᠤᠶᠢᠵᠢᠭᠤᠯᠤᠯᠲᠠ ᠵᠡᠷᠭᠡ ᠵᠦᠢᠯᠡᠰ ᠢ ᠰᠤᠳᠤᠯᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号