ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 15 ᠤ ᠴᠡᠬᠢᠯᠭᠠᠨ ᠮᠡᠳᠡᠭᠡ 9 ᠰᠠᠷ᠎ᠠ ᠶᠢᠨ 16 ᠤ ᠡᠳᠦᠷ | ᠬᠡᠪᠯᠡᠭᠳᠡᠭᠰᠡᠨ 18 ᠳ᠋ᠤᠭᠠᠷ ᠬᠤᠭᠤᠴᠠᠭᠠᠨ ᠤ ︽ᠦᠨᠡᠨ︾ ᠰᠡᠳᠭᠦᠯ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠠᠷᠤᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠠᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠲᠤᠭᠠᠷ ᠪᠦᠬᠦᠳᠡ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠲᠡᠭᠡᠷᠡᠬᠢ ᠶᠠᠷᠢᠶ᠎ᠠ︾ ᠶᠢ | ᠨᠡᠶᠢᠲᠡᠯᠡᠪᠡ᠃ | ᠵᠣᠬᠢᠶᠠᠯ ᠳᠤ᠂ ᠪᠦᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠳᠤ ᠦᠭᠡᠷᠡᠴᠢᠯᠡᠯᠲᠡ ᠨᠡᠭᠡᠭᠡᠯᠲᠡ | ᠬᠢᠭᠰᠡᠨ ᠠᠴᠠ ᠨᠠᠭᠠᠰᠢᠬᠢ ᠢᠯᠡᠩᠭᠤᠶ᠎ᠠ ᠰᠢᠨ᠎ᠡ ᠴᠠᠭ ᠦᠶ᠎ᠡ ᠶᠢᠨ ᠦᠭᠡᠷᠡᠴᠢᠯᠡᠯᠲᠡ ᠶᠢ ᠪᠥᠬᠦ ᠲᠠᠯ᠎ᠠ ᠪᠠᠷ | ᠬᠦᠨᠵᠡᠭᠡᠶᠢᠷᠡᠭᠦᠯᠦᠭᠰᠡᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠳᠤᠮᠳᠠᠲᠦ ᠤᠯᠤᠰ ᠤᠨ ᠮᠠᠶ᠋ᠢᠭ ᠤᠨ ᠤᠳᠤᠬᠢᠴᠢᠯᠠᠯᠲᠠ ᠶᠢ | ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠬᠦᠨᠵᠡᠭᠡᠢ ᠵᠠᠳᠠᠯᠵᠤ᠂ ᠪᠦᠬᠦ ᠨᠠᠮ ᠪᠥᠬᠦ | ᠨᠡᠶᠢᠭᠡᠮ ᠤᠨ ᠣᠶᠣᠨ ᠤᠬᠠᠭᠠᠨ ᠢ ᠲᠥᠪᠯᠡᠷᠡᠭᠦᠯᠵᠦ᠂ ᠳᠤᠮᠳᠠᠲᠤ ᠤᠯᠤᠰ ᠤᠨ ᠮᠠᠶ᠋ᠢᠭ ᠤᠨ ᠤᠳᠣᠬᠢᠴᠢᠯᠠᠯᠲᠠ ᠶᠢᠨ | ᠲᠤᠭᠤᠷᠢᠨ ᠳᠤ ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠶᠠᠷᠦᠩᠬᠡᠢ | ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠤᠪᠵᠢᠭᠦᠯᠦᠭᠰᠡᠨ ᠪᠣᠯᠬᠤᠷ ᠰᠢᠨ᠎ᠡ ᠠᠶᠠᠨ ᠳᠤ ᠦᠭᠡᠷᠡᠴᠢᠯᠡᠯᠲᠠ ᠶᠢ | ᠤᠯᠠᠮ ᠨᠢᠭᠡ ᠠᠯᠬᠤᠮ ᠬᠦᠨᠵᠡᠭᠡᠶᠢᠷᠡᠭᠦᠯᠬᠦ ᠶᠢ ᠵᠢᠯᠣᠭᠤᠳᠬᠤ ᠬᠦᠲᠦᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠤᠳᠤᠬᠠᠨ ᠤ ᠪᠠ | ᠬᠤᠶᠢᠰᠢᠳᠠ ᠶᠢᠨ ᠭᠡᠰᠡᠭ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠴᠢᠬᠤᠯᠠ ᠶᠡᠭᠡ ᠤᠯᠤᠰ ᠲᠦᠷᠤ ᠶᠢᠨ ᠡᠭᠦᠷᠭᠡ | ᠮᠥᠨ ᠭᠡᠵᠦ ᠴᠢᠬᠤᠯᠡᠴᠢᠯᠡᠵᠡᠢ᠃ | ᠵᠣᠬᠢᠶᠠᠯ ᠳᠤ᠂ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ | ᠨᠢᠭᠡᠳᠦᠭᠡᠷ ᠲᠤ᠂ ᠥᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠭᠤᠣᠯ ᠰᠡᠳᠤᠪ ᠢ | ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠲᠡᠢ᠃ ᠰᠢᠨ᠎ᠡ ᠠᠶᠠᠨ ᠳᠤ ᠪᠢᠳᠡ ᠶᠠᠭᠤᠨ ᠳᠤ ᠲᠦᠰᠢᠭᠯᠡᠵᠦ ᠰᠡᠳᠭᠢᠯ ᠨᠢᠭᠡᠳᠤᠨ | ᠬᠦᠴᠤ ᠪᠠᠨ ᠬᠠᠮᠳᠤᠳᠬᠠᠬᠤ ᠪᠣᠢ︖ ᠲᠠᠷᠤᠢ ᠲᠤᠮᠳᠠᠲᠤ ᠤᠯᠤᠰ ᠤᠨ ᠮᠠᠶ᠋ᠢᠭ ᠤᠨ ᠤᠳᠣᠬᠢᠴᠢᠯᠡᠯᠲᠠ ᠳᠤ ᠲᠦᠰᠢᠭᠯᠡᠨ᠎ᠡ᠃ | ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠳᠤ ᠡᠷᠬᠡᠪᠰᠢ ᠳᠤᠮᠳᠠᠲᠤ ᠤᠯᠤᠰ ᠤᠨ | ᠮᠠᠶᠢᠭ ᠤᠨ ᠤᠳᠣᠬᠢᠴᠢᠯᠠᠯᠲᠠ ᠶᠢ ᠠᠬᠢᠭᠤᠯᠬᠤ ᠡᠨᠡ ᠬᠦ ᠭᠤᠣᠯ ᠰᠡᠳᠦᠪ ᠤᠨ ᠲᠤᠭᠤᠷᠢᠨ ᠳᠤ ᠦᠷᠨᠢᠭᠦᠯᠬᠦ ᠬᠡᠷᠡᠭᠲᠡᠢ᠃ | ᠬᠤᠶᠠᠳᠤᠭᠠᠷ ᠲᠤ᠂ ᠦᠭᠡᠷᠡᠴᠢᠯᠡᠯᠲᠡ ᠶᠢ ᠣᠯᠠᠨ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ | ᠵᠠᠷᠴᠢᠮ ᠢ ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠳᠡᠢ᠃ ︽ᠲᠣᠭᠲᠠᠭᠠᠯ︾ ᠳᠤ ᠥᠭᠡᠷᠡᠴᠢᠯᠡᠯᠲᠠ ᠶᠢ ᠤᠯᠠᠮ ᠨᠢᠭᠡ ᠠᠯᠬᠤᠮ | ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠳᠤ ᠵᠢᠷᠤᠮᠯᠠᠬᠤ ᠴᠢᠬᠤᠯᠠᠲᠠᠢ ︽ᠵᠢᠷᠭᠤᠭ᠎ᠠ ᠪᠠᠷᠢᠮᠳᠠᠯᠠᠯ︾ ᠤᠨ ᠵᠠᠷᠴᠢᠮ ᠢ | ᠳᠤᠷᠠᠳᠤᠭᠰᠠᠨ ᠨᠢ ᠦᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠡᠩᠭᠤᠶ᠎ᠠ ᠰᠢᠨ᠎ᠡ ᠴᠠᠭ ᠦᠶ᠎ᠡ ᠳᠤ | ᠦᠭᠡᠷᠡᠴᠢᠯᠡᠯᠲᠠ ᠶᠢ ᠪᠥᠬᠦ ᠲᠠᠯ᠎ᠠ ᠪᠠᠷ ᠬᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢᠨ ᠲᠤᠬᠠᠢ ᠰᠢᠨᠵᠢᠯᠡᠬᠦ | ᠤᠬᠠᠭᠠᠨᠴᠢ ᠳ᠋ᠦᠩᠨᠡᠯᠲᠠ ᠮᠥᠨ᠂ ᠮᠠᠨ ᠤ ᠨᠠᠮ ᠤᠨ ᠦᠭᠡᠷᠡᠴᠢᠯᠡᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ | ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠭᠰᠡᠨ ᠴᠢᠬᠤᠯᠠ ᠶᠡᠭᠡ ᠦᠷ᠎ᠡ ᠪᠦᠳᠦᠭᠡᠯ ᠮᠥᠨ ᠦᠭᠡᠷᠡᠴᠢᠯᠡᠯᠲᠠ ᠶᠢ | ᠣᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠰᠢᠨᠵᠢᠯᠡᠬᠦ ᠤᠬᠠᠭᠠᠨᠴᠢ ᠴᠢᠨᠠᠷ᠂ ᠤᠷᠢᠳᠴᠢᠯᠠᠨ ᠮᠡᠳᠡᠬᠦ | ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠴᠢᠩᠭᠠᠳᠬᠠᠵᠤ᠂ ᠦᠭᠡᠷᠡᠴᠢᠯᠡᠯᠲᠠ ᠶᠢᠨ ᠯᠠᠪᠳᠠᠭᠤᠨ ᠢᠶᠠᠷ | ᠬᠤᠯᠠ ᠠᠶᠠᠯᠠᠬᠤ ᠶᠢ ᠠᠬᠢᠭᠤᠯᠬᠤ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠭᠤᠷᠪᠠᠳᠤᠭᠠᠷ ᠲᠤ | ᠦᠭᠡᠷᠡᠴᠢᠯᠠᠯᠲᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠲᠡᠢ᠃ ᠪᠥᠬᠦ ᠨᠠᠮ ᠤᠨ ᠨᠦᠬᠦᠳ ᠪᠠᠶᠢᠯᠳᠤᠬᠤ ᠪᠤᠳᠣᠯᠭ᠎ᠠ ᠪᠠ ᠪᠥᠬᠦ ᠲᠠᠯ᠎ᠠ ᠶᠢᠨ | ᠦᠨᠳᠤᠷᠴᠠ ᠠᠴᠠ ᠡᠳᠡᠭᠡᠷ ᠴᠢᠬᠤᠯᠠ ᠶᠡᠭᠡ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠨᠢᠵᠤ ᠡᠵᠡᠮᠰᠢᠨ᠂ | ᠦᠭᠡᠷᠡᠴᠢᠯᠠᠯᠲᠠ ᠶᠢᠨ ᠵᠣᠷᠢᠯᠲᠠ ᠶᠢ ᠰᠠᠶᠢᠲᠤᠷ ᠣᠶᠢᠯᠠᠭᠠᠵᠤ᠂ ᠦᠭᠡᠷᠡᠴᠢᠯᠠᠯᠲᠠ ᠶᠢᠨ ᠴᠢᠭᠯᠡᠯ ᠢ ᠣᠨᠤᠪᠴᠢᠲᠡᠢ ᠡᠵᠡᠮᠲᠡᠨ᠂ | ᠡᠷᠡᠰ ᠭᠤᠶᠢᠪᠢᠰᠢ ᠦᠭᠡᠢ ᠪᠠᠷ ᠠᠬᠢᠭᠤᠯᠬᠤ ᠬᠡᠷᠡᠭᠳᠡᠢ᠃ ᠲᠥᠷᠪᠡᠳᠦᠭᠡᠷ ᠲᠤ᠂ ᠦᠭᠡᠷᠡᠴᠢᠯᠡᠯᠲᠠ ᠶᠢ ᠤᠯᠠᠮ ᠨᠢᠭᠡ ᠠᠯᠬᠤᠮ | ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠶᠢᠨ ᠦᠨᠳᠦᠰᠤᠨ ᠪᠠᠲᠦᠯᠠᠭ᠎ᠠ ᠶᠢ ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠲᠡᠢ᠃ | ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠳᠤ ᠡᠷᠭᠡᠪᠰᠢ ᠨᠠᠮ ᠤᠨ ᠲᠥᠪ | ᠬᠤᠷᠢᠶ᠎ᠠ ᠶᠢᠨ ᠲᠦᠪᠯᠡᠷᠡᠩᠭᠦᠢ ᠨᠢᠭᠡᠳᠦᠯᠲᠠᠢ ᠤᠳᠤᠷᠢᠳᠤᠯᠭ᠎ᠠ ᠶᠢᠨ ᠲᠤᠣᠷ᠎ᠠ ᠶᠠᠪᠤᠭᠳᠠᠭᠤᠯᠵᠤ᠂ ᠥᠭᠡᠷᠡᠴᠢᠯᠡᠯᠲᠡ ᠢᠮᠠᠭᠲᠠ | ᠵᠥᠪ ᠤᠯᠤᠰ ᠲᠦᠷᠤ ᠶᠢᠨ ᠴᠢᠭᠯᠡᠯ ᠢᠶᠠᠷ ᠣᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠵᠣᠬᠢᠶᠠᠯ ᠳᠤ᠂ ︽ᠲᠣᠭᠲᠠᠭᠠᠯ︾ ᠤᠨ ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ ᠨᠡᠶᠢᠲᠡᠪᠤᠷᠢᠵᠢᠭᠤᠯᠬᠤ ᠶᠢ ᠦᠨᠡᠨ | ᠬᠦ ᠰᠠᠶᠢᠲᠤᠷ ᠠᠳᠬᠤᠬᠤ ᠬᠡᠷᠡᠭᠲᠡᠢ᠃ ᠨᠢᠭᠡᠳᠦᠭᠡᠷ ᠲᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ | ᠬᠡᠷᠡᠭᠲᠡᠢ᠃ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠲᠦᠯᠲᠡᠢ ᠲᠦᠯᠤᠪᠵᠢᠭᠦᠯᠦᠨ ᠵᠣᠬᠢᠴᠠᠭᠤᠯᠵᠤ᠂ | ᠦᠭᠡᠷᠡᠴᠢᠯᠡᠯᠲᠡ ᠶᠢᠨ ᠡᠭᠦᠷᠭᠡ ᠶᠢᠨ ᠪᠢᠴᠢᠭ᠂ ᠴᠠᠭ ᠤᠨ ᠬᠦᠰᠤᠨᠣᠭ᠍ᠲᠦ᠂ ᠤᠷᠢᠳ ᠢᠶᠠᠷ ᠬᠢᠬᠦ ᠲᠡᠰ ᠳᠡᠷᠠᠭᠠᠯᠠᠯ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠡᠯ᠎ᠡ ᠵᠦᠢᠯ ᠤᠨ ᠦᠭᠡᠷᠡᠴᠢᠯᠡᠯᠲᠠ ᠶᠢ ᠬᠡᠷᠡᠭᠵᠢᠭᠦᠯᠬᠦ ᠭᠤᠣᠯ ᠴᠣᠭᠴᠠ ᠪᠣᠯᠣᠨ | ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠬᠤᠶᠠᠳᠤᠭᠠᠷ ᠲᠤ᠂ ᠪᠦᠭᠦᠯᠢ ᠴᠤᠭᠴᠠ ᠪᠠᠷ ᠠᠬᠢᠭᠤᠯᠬᠤ ᠶᠢ | ᠪᠠᠷᠢᠮᠲᠠᠯᠠᠬᠤ ᠬᠡᠷᠡᠭᠲᠡᠢ᠃ ᠤᠷᠢᠳ ᠢᠶᠠᠷ ᠰᠢᠨ᠎ᠡ ᠶᠢ ᠪᠠᠶᠢᠭᠤᠯᠵᠤ᠂ ᠳᠠᠷᠠᠭ᠎ᠠ ᠨᠢ ᠬᠠᠭᠤᠴᠢᠨ ᠢ ᠡᠪᠳᠡᠬᠦ᠂ ᠪᠠᠶᠢᠭᠤᠯᠬᠤ ᠦᠭᠡᠢ | ᠪᠣᠯ ᠡᠪᠳᠡᠬᠦ ᠦᠭᠡᠢ ᠪᠠᠶᠢᠬᠤ ᠶᠢ ᠪᠠᠷᠢᠮᠳᠠᠯᠠᠵᠤ᠂ ᠦᠭᠡᠷᠡᠴᠢᠯᠠᠯᠲᠠ ᠶᠢᠨ ᠪᠠᠶᠢᠯᠳᠤᠬᠤ ᠪᠣᠳᠤᠯᠭ᠎ᠠ ᠶᠢᠨ ᠭᠤᠣᠯᠳᠠᠯᠭ᠎ᠠ ᠶᠢ | ᠣᠨᠣᠪᠴᠢᠲᠠᠢ ᠡᠵᠡᠮᠳᠠᠵᠤ᠂ ᠦᠭᠡᠷᠠᠴᠢᠯᠡᠯᠲᠠ ᠶᠢᠨ ᠠᠷᠭ᠎ᠠ ᠬᠡᠮᠵᠢᠶ᠎ᠠ ᠶᠢᠨ ᠡᠮᠤᠨ᠎ᠠ ᠬᠤᠶᠢᠨᠠᠬᠢ ᠳᠡᠰ ᠳᠠᠷᠠᠭᠠᠯᠠᠯ᠂ ᠬᠦᠭ | ᠠᠶᠢᠵᠠᠮ ᠴᠠᠭ ᠲᠣᠬᠢᠶᠠᠯ ᠢ ᠵᠣᠬᠢᠰᠲᠠᠢ ᠲᠣᠬᠢᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠦᠭᠡᠷᠡᠴᠢᠯᠡᠯᠲᠠ ᠶᠢᠨ ᠬᠠᠨᠳᠤᠰᠢ ᠶᠢᠨ ᠨᠢᠭᠡᠲᠤᠯᠲᠤ ᠴᠢᠨᠠᠷ ᠢ | ᠴᠢᠩᠭᠠᠳᠬᠠᠵᠤ᠂ ᠥᠪᠡᠷᠮᠡᠲᠡᠭᠡᠢ ᠦᠵᠡᠯ ᠢ ᠡᠷᠡᠰ ᠰᠡᠷᠭᠡᠶᠢᠯᠡᠨ ᠲᠠᠪᠴᠢᠵᠤ᠂ ᠠᠵᠢᠯ ᠤᠨ ᠦᠷᠭᠦᠯᠵᠢᠯᠡᠬᠦ ᠴᠢᠨᠠᠷ ᠢ ᠪᠠᠲᠤᠯᠠᠬᠤ | ᠬᠡᠷᠡᠭᠲᠡᠢ᠃ ᠭᠤᠷᠪᠠᠳᠤᠭᠠᠷ ᠲᠤ᠂ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠳᠡᠢ᠃ ᠡᠯ᠎ᠡ ᠭᠠᠵᠠᠷ | ᠤᠷᠣᠨ ᠡᠯ᠎ᠡ ᠰᠠᠯᠠᠭ᠎ᠠ ᠮᠦᠴᠢᠷ ᠤᠨ ᠬᠢᠨ ᠪᠦᠬᠦ ᠣᠯᠤᠰ ᠢᠶᠠᠷ ᠢᠶᠠᠨ ᠨᠢᠭᠡ ᠬᠦᠯᠭᠡ ᠰᠢᠳᠡᠷ᠎ᠠ ᠪᠤᠯᠬᠤ ᠦᠵᠡᠯ ᠰᠠᠨᠠᠭ᠎ᠠ ᠶᠢ | ᠪᠤᠢ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠲᠣᠭᠳᠠᠭᠠᠭᠰᠠᠨ ᠵᠠᠷᠴᠢᠮ᠂ ᠲᠣᠳᠣᠷᠬᠠᠢ ᠠᠷᠭ᠎ᠠ ᠬᠡᠮᠵᠢᠶ᠎ᠠ᠂ ᠳᠤᠷᠠᠳᠤᠭᠰᠠᠨ | ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠳᠤᠷ ᠲᠤᠭᠤᠰᠢᠯᠠᠭᠤᠯᠤᠨ ᠨᠡᠶᠢᠲᠡᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ | ᠲᠣᠰ ᠪᠡᠶ᠎ᠡ ᠳᠤ ᠲᠤᠯᠭᠠᠷᠠᠵᠤ ᠪᠠᠶᠢᠭ᠎ᠠ ᠭᠤᠣᠯ ᠵᠦᠷᠢᠴᠡᠯ ᠪᠠ ᠵᠦᠷᠢᠴᠡᠯ ᠤᠨ ᠭᠤᠣᠯ ᠲᠠᠯ᠎ᠠ ᠶᠢ ᠣᠨᠤᠪᠴᠢᠳᠠᠢ ᠡᠷᠢᠵᠤ᠂ | ᠪᠤᠲᠠᠳᠠᠢ ᠳᠤ ᠨᠡᠶᠢᠴᠡᠭᠰᠡᠨ ᠪᠤᠲᠠᠲᠠᠢ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠳᠠᠭᠠᠬᠤ ᠬᠡᠷᠡᠭᠲᠡᠢ᠃ ᠰᠢᠨ᠎ᠡ | ᠬᠦᠷᠢᠶᠡᠨ ᠳᠠᠬᠢ ᠰᠢᠨ᠎ᠡ ᠣᠶᠢᠯᠡᠳᠤᠯᠭᠡ ᠳᠤ ᠳᠤᠯᠭᠠᠷᠠᠭᠰᠠᠨ ᠰᠢᠨ᠎ᠡ ᠠᠰᠠᠭᠤᠳᠠᠯ ᠳᠤ ᠦᠨᠳᠦᠰᠤᠨ ᠱᠠᠲᠤ ᠪᠣᠯᠣᠨ ᠤᠯᠠᠨ | ᠲᠦᠮᠡᠨ ᠤ ᠡᠭᠦᠳᠣᠨ ᠪᠦᠲᠦᠭᠡᠬᠦ ᠵᠣᠷᠢᠭ ᠰᠠᠨᠠᠭ᠎ᠠ ᠶᠢ ᠬᠦᠶᠢᠴᠡᠳ ᠬᠦᠨᠳᠦᠳᠬᠡᠵᠦ᠂ ᠵᠠᠮ ᠨᠡᠭᠡᠭᠡᠨ ᠰᠢᠨ᠎ᠡ ᠶᠢ ᠡᠭᠦᠳᠬᠦ ᠶᠢ | ᠵᠣᠷᠢᠭᠵᠢᠭᠤᠯᠬᠤ ᠬᠡᠷᠡᠭᠲᠡᠢ᠃ ᠳᠦᠷᠪᠡᠳᠦᠭᠡᠷ ᠲᠤ᠂ ᠡᠷᠬᠡᠪᠰᠢ ᠪᠣᠳᠡᠲᠤ ᠦᠷ᠎ᠡ ᠪᠦᠲᠤᠮᠵᠢ ᠣᠯᠬᠤ ᠬᠡᠷᠡᠭᠲᠡᠢ᠃ | ᠬᠠᠷᠢᠭᠤᠴᠠᠯᠭ᠎ᠠ ᠨᠢ ᠲᠣᠳᠣᠷᠬᠠᠢ᠂ ᠬᠡᠯᠬᠢᠶ᠎ᠡ ᠨᠢ ᠪᠦᠷᠢᠨ ᠪᠦᠲᠤᠨ᠂ ᠭᠤᠭᠴᠤᠭ᠎ᠠ ᠪᠦᠬᠦᠨ ᠢ ᠬᠤᠯᠪᠣᠭᠰᠠᠨ | ᠦᠭᠡᠷᠡᠴᠢᠯᠠᠯᠲᠠ ᠶᠢ ᠠᠬᠢᠭᠤᠯᠬᠤ ᠲᠣᠭᠳᠠᠴᠠ ᠶᠢ ᠪᠠᠶᠢᠭᠤᠯᠤᠨ ᠪᠦᠷᠢᠨᠰᠢᠭᠦᠯᠵᠦ᠂ ᠦᠭᠡᠷᠡᠴᠢᠯᠡᠯᠲᠡ ᠶᠢᠨ ᠲᠦᠰᠤᠯ ᠢ ᠵᠢᠷᠦᠵᠦ | ᠲᠦᠯᠦᠪᠯᠡᠬᠦ ᠠᠴᠠ ᠦᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠬᠦᠷᠳᠡᠯ᠎ᠠ ᠴᠥᠮ | ᠨᠡᠶᠢᠳᠡᠪᠤᠷᠢᠵᠢᠭᠤᠯᠤᠯᠲᠠ ᠶᠢ ᠠᠳᠬᠤᠬᠤ ᠳᠤ ᠠᠰᠢᠭᠲᠠᠢ᠂ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠪᠠᠶᠢᠵᠤ᠂ ᠪᠢᠴᠢᠭ | ᠮᠠᠲ᠋ᠧᠷᠢᠶᠠᠯ ᠲᠣᠭᠲᠠᠭᠠᠬᠤ ᠶᠢ ᠴᠢᠬᠤᠯᠠᠴᠢᠯᠠᠵᠤ᠂ ᠪᠢᠴᠢᠭ ᠮᠠᠲ᠋ᠧᠷᠢᠶᠡᠯ ᠢ ᠨᠡᠶᠢᠲᠡᠪᠤᠷᠢᠵᠢᠭᠤᠯᠬᠤ ᠶᠢ ᠬᠦᠩᠭᠡᠪᠴᠢᠯᠡᠬᠦ ᠵᠡᠷᠭᠡ | ᠨᠠᠵᠠᠭᠠᠢ ᠬᠡᠯᠪᠡᠷᠢᠯ ᠢ ᠰᠡᠷᠭᠡᠶᠢᠯᠡᠭᠦ ᠭᠡᠷᠡᠭᠳᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠳᠤᠤᠷ᠎ᠠ ᠬᠠᠭᠠᠰ ᠵᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠬᠦ ᠬᠡᠷᠡᠭᠲᠡᠢ᠃ | ᠨᠢᠭᠡᠳᠦᠭᠡᠷ ᠲᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠠ ᠶᠢᠨ ᠬᠠᠷᠠᠯᠲᠡ ᠶᠢ ᠡᠷᠡᠰ ᠭᠤᠶᠢᠪᠢᠰᠢ ᠦᠭᠡᠢ | ᠪᠡᠶᠡᠯᠡᠭᠦᠯᠬᠦ ᠬᠡᠷᠡᠭᠲᠡᠢ᠃ ᠬᠤᠷᠸ᠎ᠠ ᠲᠦᠷᠤ ᠶᠢᠨ ᠪᠣᠳᠤᠯᠭ᠎ᠠ ᠶᠢ ᠰᠠᠶᠢᠳᠤᠷ ᠨᠡᠶᠢᠳᠡᠪᠤᠷᠢᠵᠢᠭᠤᠯᠵᠤ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠢᠳᠡᠪᠬᠢᠳᠡᠢ ᠦᠷᠭᠡᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠭᠠᠳᠠᠭᠠᠲᠤ ᠠᠷᠠᠯᠵᠢᠶᠡᠨ ᠤ ᠰᠢᠨ᠎ᠡ ᠬᠦᠳᠡᠯᠭᠡᠬᠦ ᠡᠨᠧᠷᠬᠢ ᠶᠢ | ᠲᠦᠷᠭᠡᠨ ᠪᠦᠶᠢᠵᠢᠭᠤᠯᠵᠤ᠂ ᠪᠤᠬᠢᠷᠳᠤᠯ ᠦᠭᠡᠢ ᠪᠠᠭ᠎ᠠ ᠨᠡᠭᠦᠷᠡᠰᠤᠳᠦ᠋ᠷᠦᠭᠴᠢᠲᠤ ᠬᠦᠭᠵᠢᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠵᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠤᠨ ᠦᠷᠭᠡᠳᠭᠡᠬᠦ ᠬᠡᠷᠡᠭᠲᠡᠢ᠃ ᠬᠤᠶᠠᠳᠤᠭᠠᠷ ᠲᠤ᠂ ᠬᠥᠭᠵᠢᠯᠲᠡ | ᠪᠠ ᠠᠮᠤᠷ ᠲᠥᠪᠰᠢᠨ ᠢ ᠰᠠᠶᠢᠳᠣᠷ ᠨᠢᠭᠡᠳᠦᠯᠲᠡᠢ ᠲᠦᠯᠤᠪᠵᠢᠭᠦᠯᠬᠦ ᠬᠡᠷᠡᠭᠳᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ | ᠲᠦᠭᠰᠢᠭᠦᠷᠢ ᠶᠢ ᠰᠡᠷᠬᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠰᠠᠶᠢᠲᠤᠷ ᠨᠡᠶᠢᠲᠠᠪᠤᠷᠢᠵᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢᠯᠠᠩᠭᠤᠶ᠎ᠠ | ᠦᠶᠠᠷ ᠤᠰᠤᠳᠤᠯ ᠤᠨ ᠭᠠᠮᠰᠢᠭ ᠢ ᠬᠢᠨᠠᠨ ᠬᠡᠮᠵᠢᠬᠦ᠂ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠨᠡᠶᠢᠭᠡᠮ ᠤᠨ ᠠᠮᠤᠷ ᠲᠥᠪᠰᠢᠨ ᠤ ᠠᠶᠤᠯ ᠲᠦᠭᠰᠢᠭᠦᠷᠢ ᠶᠢ ᠰᠡᠷᠬᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ | ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠭᠠᠲᠠᠭᠠᠲᠤ ᠠᠶᠤᠯ ᠲᠦᠭᠰᠢᠭᠦᠷᠢ ᠦᠷᠢᠰᠤᠯᠳᠤᠭᠡᠨ ᠢ | ᠪᠦᠲᠣᠮᠵᠢᠲᠠᠢ ᠠᠷᠭᠠᠴᠠᠭᠠᠵᠤ᠂ ᠠᠰᠢᠭᠲᠠᠢ ᠭᠠᠳᠠᠭᠠᠲᠤ ᠣᠷᠴᠢᠨ ᠨᠦᠭᠦᠴᠡᠯ ᠢ ᠰᠠᠨᠠᠭᠠᠴᠢᠯᠠᠭ᠎ᠠ ᠠᠴᠠ ᠪᠠᠨ ᠪᠣᠢ ᠪᠣᠯᠭᠠᠬᠤ | ᠬᠡᠷᠡᠭᠲᠡᠢ᠃ ᠭᠤᠷᠪᠡᠳᠤᠭᠠᠷ ᠲᠤ᠂ ︽ᠳᠠᠪᠤᠨ ᠵᠢᠯ ᠤᠨ ᠲᠦᠯᠥᠪᠵᠢᠭᠦᠯᠭᠡ︾ ᠶᠢ ᠳ᠋ᠦᠩᠨᠡᠨ ᠦᠨᠡᠯᠡᠬᠦ ᠪᠠ ᠠᠷᠭ᠎ᠠ ᠤᠬᠠᠭᠠᠨ | ᠰᠦᠪᠡᠭᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽ᠠᠷᠪᠡᠨ ᠳᠥᠷᠪᠡᠳᠦᠭᠡᠷ ᠳᠠᠪᠤᠨ ᠵᠢᠯ︾ ᠤᠨ ᠲᠦᠯᠤᠪᠵᠢᠭᠦᠯᠭᠡ ᠶᠢ | ᠨᠠᠶᠢᠲᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ ᠦᠨᠡᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠡᠮᠦᠨᠠᠬᠢ ᠬᠤᠭᠤᠴᠠᠭᠠᠨ ᠤ ᠲᠦᠰᠦᠪᠯᠡᠬᠦ ᠠᠵᠢᠯ ᠢ ᠦᠨᠡᠨ ᠬᠦ ᠰᠠᠶᠢᠳᠤᠷ ᠬᠢᠬᠦ ᠬᠡᠷᠡᠭᠲᠡᠢ᠃ | ᠳᠥᠷᠪᠡᠳᠦᠭᠡᠷ ᠲᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠢ ᠠᠬᠢᠭᠤᠯᠬᠤ ᠬᠡᠷᠡᠭᠲᠡᠢ᠃ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠤᠨ ᠨᠠᠮ ᠤᠨ ᠰᠢᠨ᠎ᠡ | ᠡᠭᠦᠳᠦᠯᠲᠠ ᠶᠢᠨ ᠤᠨᠤᠯ ᠢᠶᠠᠷ ᠵᠡᠪᠰᠡᠭᠯᠡᠬᠦ ᠶᠢ ᠰᠠᠶᠢᠳᠤᠷ ᠠᠳᠬᠤᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠰᠲ᠋ᠧᠮ ᠢ ᠪᠦᠷᠢᠨᠰᠢᠭᠦᠯᠦᠨ᠂ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠳᠠᠯ ᠤᠨ | ᠠᠷᠬᠠᠭ ᠬᠡᠮ ᠢ ᠢᠯᠠᠨ ᠳᠠᠪᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠬᠦᠨᠵᠡᠭᠡᠢ ᠠᠬᠢᠭᠤᠯᠤᠨ᠂ ᠭᠤᠣᠯ ᠰᠡᠲᠤᠪᠲᠤ ᠬᠦᠮᠤᠵᠢᠯ ᠤᠨ ᠦᠷ᠎ᠡ ᠪᠦᠲᠦᠭᠡᠯ ᠢ ᠪᠠᠬᠢᠵᠢᠭᠦᠯᠣᠨ ᠦᠷᠭᠡᠳᠭᠡᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠥᠵᠢᠯ ᠢ ᠬᠦᠨᠵᠡᠭᠡᠶᠢᠷᠡᠭᠦᠯᠦᠨ᠂ ᠨᠠᠮ ᠤᠨ ᠪᠦᠳᠦᠭᠡᠯᠴᠢ ᠬᠦᠴᠦᠨ᠂ | ᠨᠢᠭᠲᠠᠷᠠᠯ ᠤᠨ ᠬᠦᠴᠤᠨ᠂ ᠲᠠᠶᠢᠴᠢᠨ ᠬᠦᠴᠣᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠡᠪᠠ᠃ |