ᠨᠠᠷᠠᠲᠤ ᠲᠡᠮᠳᠡᠭ ᠤᠨ ᠨᠦᠯᠦᠭᠡ ᠪᠠᠷ 668 ᠮᠠᠯᠵᠢᠬᠤ ᠡᠷᠦᠬᠡ ᠶᠢᠨ 500 ᠲᠦᠮᠡ ᠭᠠᠷᠦᠢ ᠲᠥᠭᠦᠷᠢᠭ ᠤᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠪᠡ
ᠨᠡᠶᠢᠲᠡᠯᠡᠭᠰᠡᠨ ᠴᠠᠭ᠄
2024/9/19
     ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠦᠯᠦᠭᠡ ᠪᠠᠷ᠂ ᠡᠨᠡ ᠵᠢᠯ ᠵᠡᠭᠦᠨ ᠦᠵᠦᠮᠦᠴᠢᠨ ᠬᠤᠰᠢᠭᠤᠨ ᠤ 16.87 ᠲᠦᠮᠡᠨ ᠬᠤᠨᠢᠨ ᠤ ᠦᠨ᠎ᠡ ᠨᠡᠮᠡᠭᠳᠡᠵᠦ᠂ ᠵᠢᠱᠢᠯᠲᠡ ᠪᠠᠷ 668 ᠮᠠᠯᠵᠢᠬᠤ ᠡᠷᠦᠬᠡ ᠶᠢᠨ 500 ᠲᠦᠮᠨ ᠭᠠᠷᠦᠢ ᠲᠥᠭᠦᠷᠢᠭ ᠤᠨ ᠣᠷᠣᠯᠭ᠎ᠠ ᠶᠢᠨ ᠨᠡᠮᠡᠭᠳᠡᠯ ᠢ ᠲᠠᠶᠢᠴᠢᠯᠠᠨ᠎ᠠ᠃      ᠰᠤᠷᠪᠤᠯᠵᠢᠯᠠᠭᠴᠢ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠤ ᠬᠦᠷᠭᠦ ᠳᠤ᠂ ᠠᠵᠢᠯᠲᠠᠳ ᠬᠤᠨᠢᠨ ᠤ ᠬᠢᠵᠢᠭ ᠢ ᠪᠠᠶᠢᠴᠠᠭᠠᠬᠤ᠂ ᠨᠢᠲᠤᠯᠬᠤ᠂ ᠤᠬᠢᠶᠠᠵᠤ ᠴᠡᠪᠡᠷᠯᠡᠬᠦ᠂ ᠬᠦᠴᠢᠯ ᠢ ᠭᠠᠳᠠᠭᠰᠢᠯᠠᠭᠤᠯᠬᠤ᠂ ᠬᠡᠰᠡᠭᠯᠡᠨ ᠪᠣᠭᠤᠳᠠᠯᠯᠠᠬᠤ ᠪᠠᠷ ᠶᠠᠭᠠᠷᠠᠯᠳᠤᠨ᠎ᠠ᠃      ︽ᠪᠢ 200 ᠭᠠᠷᠤᠢ ᠵᠠᠬᠢᠶᠠᠯᠠᠭ᠎ᠠ ᠢᠢᠨ ᠬᠤᠨᠢ ᠬᠦᠷᠭᠡᠵᠦ ᠢᠷᠡᠯ᠎ᠠ᠂ ᠠᠳᠡᠬᠢ ᠬᠤᠳᠠᠯᠳᠤᠨ ᠠᠪᠬᠤ ᠦᠨ᠎ᠡ ᠨᠢ ᠵᠢᠩ ᠪᠦᠷᠢ ᠳᠡᠭᠡᠨ ᠵᠠᠬ᠎ᠠ ᠳᠡᠯᠭᠡᠭᠦᠷ ᠤᠨ ᠦᠨ᠎ᠡ ᠠᠴᠠ 1 ᠲᠥᠭᠦᠷᠢᠭ ᠥᠨᠳᠥᠷ᠂ ᠲᠤᠬᠠᠢ  ᠶᠢᠨ ᠦᠶ᠎ᠡ ᠶᠢᠨ ᠬᠤᠳᠠᠯᠳᠤᠨ ᠠᠪᠬᠤ ᠬᠡᠯᠡᠯᠴᠡᠭᠡᠷ ᠲᠤ ᠲᠣᠭᠲᠠᠭᠠᠭᠰᠠᠨ ᠦᠨ᠎ᠡ ᠠᠴᠠ ᠪᠠᠰᠠ ᠵᠢᠩ ᠪᠦᠷᠢ ᠳᠡᠭᠡᠨ 5 ᠮᠥᠩᠭᠦ ᠥᠨᠳᠥᠷ᠂ ᠢᠡᠭᠭᠢᠭᠡᠳ 200 ᠬᠤᠨᠢ ᠪᠠᠨ ᠬᠤᠳᠠᠯᠳᠤᠭᠠᠳ ᠢᠯᠡᠬᠦᠤ 6000 ᠭᠠᠷᠤᠢ ᠲᠥᠭᠦᠷᠢᠭ ᠤᠯᠤᠯ᠎ᠠ  ᠰᠢᠯᠢ ᠶᠢᠨ ᠭᠤᠣᠯ ᠬᠤᠨᠢᠨ ᠤ ᠨᠡᠷᠡᠳᠦ ᠲᠡᠮᠳᠡᠭ ᠤᠯᠠᠮ ᠠᠴᠠ ᠤᠯᠠᠮ ᠠᠯᠳᠠᠷᠰᠢᠬᠤ ᠶᠢ ᠳᠠᠭᠠᠯᠳᠤᠨ᠂ ᠮᠠᠯᠴᠢᠳ ᠨᠡᠩ ᠤᠯᠠᠨ ᠠᠰᠢᠭ ᠬᠦᠷᠲᠡᠭᠦ ᠪᠤᠯᠵᠠᠢ︾ ᠭᠡᠵᠤ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠬᠠᠷᠠᠭᠤᠪᠢ ᠭᠠᠴᠠᠭᠠᠨ ᠤ ᠮᠠᠯᠴᠢᠨ ᠪᠠᠲᠤ ᠰᠤᠷᠪᠤᠯᠵᠢᠯᠠᠭᠴᠢ ᠳᠤ ᠶᠠᠷᠢᠨ᠎ᠠ᠃      ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠨᠢ ᠠᠵᠤ ᠠᠬᠤᠶᠢᠯᠠᠯ ᠬᠢᠭᠡᠳ ᠮᠠᠯᠵᠢᠬᠤ ᠡᠷᠦᠬᠡ ᠨᠡᠷᠡᠳᠦ ᠲᠡᠮᠳᠡᠭ ᠢ ᠬᠠᠮᠲᠤ ᠪᠠᠷ ᠪᠠᠶᠢᠭᠤᠯᠬᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠨᠠᠷᠠᠲᠤ ᠲᠡᠮᠳᠡᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ ᠲᠠᠯ᠎ᠠ ᠨᠤᠲᠤᠭ ᠤᠨ ᠬᠤᠨᠢᠨ ᠤ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠨᠠᠷᠠᠲᠤ ᠲᠡᠮᠳᠡᠭ ᠤᠨ ᠦᠨ᠎ᠡ ᠥᠷᠲᠡᠭ ᠢᠶᠠᠷ ᠨᠠᠩ ᠣᠯᠠᠨ ᠮᠠᠯᠴᠢᠳ ᠲᠤ ᠠᠰᠢᠭ ᠬᠦᠷᠲᠡᠭᠡᠵᠠᠢ᠃ ᠦᠵᠦᠮᠦᠴᠢᠨ ᠬᠤᠨᠢᠨ ᠤ ᠪᠠᠶᠢᠭ᠎ᠠ ᠬᠦᠷᠢᠶ᠎ᠡ ᠬᠡᠪᠴᠢᠶ᠎ᠡ᠂ ᠲᠤᠭ᠎ᠠ ᠬᠡᠮᠵᠢᠶ᠎ᠡ᠂ ᠡᠭᠦᠯᠳᠡᠷ ᠨᠢ ᠴᠡᠪᠡᠷ ᠪᠠᠶᠢᠬᠤ ᠶᠢ ᠪᠠᠳᠤᠯᠠᠬᠰᠠᠨ ᠤᠷᠢᠲᠠᠯ ᠳᠣᠣᠷ᠎ᠠ᠂ ᠡᠨᠡ ᠵᠢᠯ ᠤᠨ 3 ᠰᠠᠷ᠎ᠠ ᠳᠤ᠂ ᠲᠣᠰ ᠺᠣᠮᠫᠠᠨᠢ ᠤᠷᠢᠳ ᠢᠶᠠᠷ ᠭᠠᠴᠠᠭ᠎ᠠ ᠪᠠᠷ ᠨᠢᠭᠡᠴᠢ ᠪᠣᠯᠭᠠᠨ᠂ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠨᠡᠶᠢᠲᠡ 16.87 ᠲᠦᠮᠡᠨ ᠬᠤᠨᠢᠨ ᠤ ᠢᠷᠡᠯᠲᠡ ᠶᠢ ᠲᠣᠭᠲᠠᠭᠠᠨ᠂ ᠪᠥᠬᠦ ᠬᠤᠰᠢᠭᠤᠨ ᠤ 6 ᠰᠤᠮᠤ ᠪᠠᠯᠭᠠᠰᠤᠨ ᠤ 32 ᠭᠠᠴᠠᠭᠠᠨ ᠤ 668 ᠮᠠᠯᠵᠢᠬᠤ ᠡᠷᠦᠬᠡ ᠳᠤ ᠠᠰᠢᠭ ᠬᠦᠷᠲᠡᠭᠡᠵᠦ᠂ ᠵᠢᠱᠢᠯᠲᠡ ᠪᠠᠷ 500 ᠭᠠᠷᠤᠢ ᠲᠦᠮᠡᠨ ᠲᠥᠭᠦᠷᠢᠭ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠴᠧᠡᠭ᠄ ︽8 ᠰᠠᠷ᠎ᠠ ᠶᠢᠨ 16᠎ ᠤ ᠡᠳᠦᠷ ᠠᠵᠢᠯ ᠡᠬᠢᠯᠡᠭᠰᠡᠨ ᠠᠴᠠ ᠨᠠᠭᠠᠰᠢ᠂ ᠣᠳᠣᠬᠠᠨ ᠳᠤ ᠠᠵᠤ ᠠᠬᠤᠶᠢᠯᠠᠯ ᠨᠢᠭᠡᠨᠳᠡ 3 ᠲᠦᠮᠡ ᠭᠠᠷᠤᠢ ᠵᠠᠬᠢᠶᠠᠯᠠᠭ᠎ᠠ  ᠶᠢᠨ ᠬᠤᠨᠢ ᠶᠢ ᠡᠳ᠋ᠰᠢᠭᠦᠯᠦᠨ ᠪᠣᠯᠪᠠᠰᠤᠷᠠᠭᠤᠯᠵᠤ᠂ ᠵᠠᠬᠢᠶᠠᠯᠠᠭ᠎ᠠ ᠶᠢᠨ 1/5᠎ ᠶᠢ ᠪᠡᠶᠡᠯᠡᠭᠦᠯᠪᠡ᠃ ᠲᠠᠷᠠᠭ᠎ᠠ ᠨᠢ ᠪᠢᠳᠡ ᠪᠦᠬᠦ ᠬᠦᠴᠦ ᠪᠠᠷ ᠢᠶᠠᠨ ᠦᠢᠯᠡᠳᠪᠦᠷᠢᠯᠡᠵᠦ᠂ ᠡᠭᠦᠷᠭᠡ ᠪᠠᠨ ᠳᠠᠪᠠᠭᠤᠯᠤᠨ ᠪᠡᠶᠡᠯᠡᠭᠦᠯᠭᠦ ᠪᠠᠷ ᠴᠢᠷᠮᠠᠶᠢᠵᠦ᠂ ᠥᠷᠭᠡᠨ ᠣᠯᠠᠨ ᠮᠠᠯᠴᠢᠳ ᠲᠤ ᠦᠨᠡᠨ ᠬᠦ ᠠᠰᠢᠭ ᠬᠦᠷᠲᠡᠭᠡᠨ᠎ᠠ︾ ᠭᠡᠪᠡ᠃      ᠣᠶᠢᠯᠠᠭᠠᠭᠰᠠᠨ ᠢᠶᠠᠷ᠂ ᠵᠡᠭᠦᠨ ᠦᠵᠦᠮᠦᠴᠢᠨ ᠬᠤᠰᠢᠭᠤ 8 ᠰᠠᠷ᠎ᠠ ᠶᠢᠨ ᠳᠤᠮᠳᠠᠴᠢ ᠠᠴᠠ ᠡᠬᠢᠯᠡᠨ ᠨᠠᠮᠤᠷ ᠤᠨ ᠵᠠᠷᠤᠴᠠᠭᠤᠯᠤᠯᠳᠠ ᠶᠢᠨ ᠠᠵᠢᠯ ᠢᠶᠠᠨ ᠡᠬᠢᠯᠡᠭᠦᠯᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ 10 ᠠᠵᠤ ᠠᠬᠤᠶᠢᠯᠠᠯ ᠨᠢᠭᠡᠨᠲᠡ 29.37 ᠲᠦᠮᠡᠨ ᠬᠤᠨᠢ ᠨᠢᠲᠤᠯᠵᠤ᠂ ᠡᠳᠦᠷ ᠲᠤ 1.63 ᠲᠦᠮᠡᠨ ᠬᠤᠨᠢ ᠨᠢᠲᠤᠯᠤᠨ᠂ ᠡᠨᠡ ᠵᠢᠯ 100 ᠲᠦᠮᠡᠨ ᠬᠤᠨᠢ ᠨᠢᠲᠤᠯᠵᠤ ᠪᠣᠯᠪᠠᠰᠤᠷᠠᠭᠤᠯᠬᠤ ᠪᠠᠷ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号