ᠠᠶᠢᠮᠠᠭ ᠤᠨ ᠨᠠᠮ ᠤᠨ ᠬᠤᠷᠢᠶ᠎ᠠ 2024 ᠣᠨ ᠤ ᠭᠤᠴᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
     9 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠭᠤᠴᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠠᠨᠰᠤ᠂ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠪᠥᠬᠦ ᠲᠠᠯ᠎ᠠ ᠪᠠᠷ ᠴᠢᠩᠭᠠᠳᠬᠠᠨ᠂ ᠨᠡᠶᠢᠭᠡᠮ ᠤᠨ ᠪᠠᠶᠢᠭᠤᠯᠤᠯᠲᠠ ᠪᠠ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠪᠡᠯᠴᠢᠭᠡᠷ ᠤᠨ ᠳᠠᠭᠠᠭᠠᠴᠡ ᠠᠴᠠ ᠭᠡᠳᠦᠷᠡᠳᠡᠯ᠎ᠠ ᠮᠠᠯᠵᠢᠬᠤ ᠶᠢ ᠰᠶᠢᠳᠪᠦᠷᠢᠯᠡᠬᠦ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ᠂ ᠪᠣᠬᠢᠷᠲᠤᠯ ᠦᠭᠡᠢ ᠠᠵᠤ ᠦᠢᠯᠡᠰ ᠲᠡᠶᠢᠰᠢ  ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠠᠬᠢᠭᠤᠯᠵᠦ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠭᠦ ᠭᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠪᠠ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠦᠨ᠂ ᠰᠠᠶᠢᠲᠤᠷ ᠬᠡᠷᠡᠭᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠨ᠂ ᠳᠤᠮᠳᠠᠳᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠭᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠤᠬᠠᠢ ᠬᠠᠮᠢᠶ᠎ᠠ ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠮᠠᠨ ᠤ ᠠᠶᠢᠮᠠᠭ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯᠳᠠᠯᠭ᠎ᠠ ᠲᠠᠢ ᠡᠭᠦᠷᠭᠡ ᠲᠠᠢ ᠬᠠᠷᠭᠤᠭᠤᠯᠤᠨ᠂ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢᠨ ᠠᠵᠢᠯ ᠤᠨ ᠦᠷ᠎ᠡ ᠪᠦᠲᠦᠭᠡᠯ ᠭᠠᠷᠭᠠᠬᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠠᠬᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠡᠭᠡᠷ᠎ᠡ ᠬᠦᠴᠦᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠠᠷᠢᠯᠢᠭᠵᠢᠭᠤᠯᠤᠨ᠂ ᠡᠭᠦᠷᠭᠡ ᠬᠠᠷᠢᠭᠤᠴᠠᠯᠭ᠎ᠠ ᠡᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号