ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2024/9/19
     ᠣᠶᠢᠷ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠶᠢᠮᠠᠭ ᠤᠨ ᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠲᠤ ᠶᠠᠪᠤᠭᠳᠠᠪᠠ᠃ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠤ ᠠᠬᠤᠢ ᠪᠠ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠬᠤᠤ ᠯᠢ ᠬᠤᠸᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠪᠡ᠃ ᠤᠯᠠᠨ ᠢᠶᠠᠷ ᠢᠶᠠᠨ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠤᠬᠠᠭᠤᠯᠬᠤ ᠪᠠᠷ ᠳᠠᠮᠵᠢᠭᠤᠯᠤᠨ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠵᠦᠭᠯᠡᠭᠦᠷ︾ ᠪᠣᠯᠭᠠᠨ᠎ᠠ ᠭᠡᠵᠦ ᠢᠯᠡᠷᠭᠡᠶᠢᠯᠡᠵᠡᠭᠡᠪᠡ᠃      ᠲᠦᠷᠦᠭᠦᠬᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠶᠢᠮᠠᠭ ᠤᠨ ᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠲᠢᠶᠠᠨ ᠵᠢᠶᠦ᠋ᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠬᠤᠷᠠᠯ ᠳᠤ ᠣᠷᠣᠯᠴᠠᠭᠰᠠᠳ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠰᠠᠭᠤᠷᠢᠯᠠᠨ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠢᠳᠡᠭᠡᠨ ᠤᠮᠳᠠᠭᠠᠨ ᠤ ᠵᠦᠢᠯ᠂ ᠡᠮ ᠤᠨ ᠵᠦᠢᠯ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠪᠦᠳᠦᠭᠡᠭᠳᠡᠭᠦᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠪᠠᠬᠢᠵᠢᠭᠦᠯᠦᠨ᠎ᠡ ᠭᠡᠵᠦ ᠢᠯᠡᠷᠭᠡᠶᠢᠯᠡᠵᠡᠭᠡᠪᠡ᠃      ᠣᠶᠢᠷ᠎ᠠ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠯᠢ ᠪᠢᠨ ᠠᠴᠠ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠨᠠᠷᠢᠨ ᠲᠠᠶᠢᠯᠤᠮᠵᠢ ᠬᠢᠵᠡᠢ᠃ ᠬᠤᠷᠠᠯ ᠳᠤ ᠣᠷᠣᠯᠴᠠᠭᠰᠠᠳ᠂ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠨ᠂ ᠦᠵᠡᠯ ᠰᠠᠨᠠᠭ᠎ᠠ ᠪᠠᠨ ᠤᠯᠠᠮ ᠴᠢᠯᠦᠭᠡᠯᠡᠵᠦ᠂ ᠦᠵᠡᠯᠲᠡ ᠪᠠᠨ ᠰᠢᠨᠡᠳᠬᠡᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠢᠯᠡᠷᠭᠡᠶᠢᠯᠡᠵᠡᠭᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号