ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ | ᠨᠦᠯᠦᠭᠡ ᠪᠠᠷ᠂ ᠡᠨᠡ ᠵᠢᠯ ᠵᠡᠭᠦᠨ ᠦᠵᠦᠮᠦᠴᠢᠨ ᠬᠤᠰᠢᠭᠤᠨ ᠤ 16.87 ᠲᠦᠮᠡᠨ ᠬᠤᠨᠢᠨ ᠤ ᠦᠨ᠎ᠡ ᠨᠡᠮᠡᠭᠳᠡᠵᠦ᠂ | ᠵᠢᠱᠢᠯᠲᠡ ᠪᠠᠷ 668 ᠮᠠᠯᠵᠢᠬᠤ ᠡᠷᠦᠬᠡ ᠶᠢᠨ 500 ᠲᠦᠮᠨ ᠭᠠᠷᠦᠢ ᠲᠥᠭᠦᠷᠢᠭ ᠤᠨ ᠣᠷᠣᠯᠭ᠎ᠠ ᠶᠢᠨ ᠨᠡᠮᠡᠭᠳᠡᠯ ᠢ | ᠲᠠᠶᠢᠴᠢᠯᠠᠨ᠎ᠠ᠃ | ᠰᠤᠷᠪᠤᠯᠵᠢᠯᠠᠭᠴᠢ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ | ᠺᠣᠮᠫᠠᠨᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠤ ᠬᠦᠷᠭᠦ ᠳᠤ᠂ ᠠᠵᠢᠯᠲᠠᠳ ᠬᠤᠨᠢᠨ ᠤ | ᠬᠢᠵᠢᠭ ᠢ ᠪᠠᠶᠢᠴᠠᠭᠠᠬᠤ᠂ ᠨᠢᠲᠤᠯᠬᠤ᠂ ᠤᠬᠢᠶᠠᠵᠤ ᠴᠡᠪᠡᠷᠯᠡᠬᠦ᠂ ᠬᠦᠴᠢᠯ ᠢ ᠭᠠᠳᠠᠭᠰᠢᠯᠠᠭᠤᠯᠬᠤ᠂ ᠬᠡᠰᠡᠭᠯᠡᠨ | ᠪᠣᠭᠤᠳᠠᠯᠯᠠᠬᠤ ᠪᠠᠷ ᠶᠠᠭᠠᠷᠠᠯᠳᠤᠨ᠎ᠠ᠃ | ︽ᠪᠢ 200 ᠭᠠᠷᠤᠢ ᠵᠠᠬᠢᠶᠠᠯᠠᠭ᠎ᠠ ᠢᠢᠨ ᠬᠤᠨᠢ ᠬᠦᠷᠭᠡᠵᠦ ᠢᠷᠡᠯ᠎ᠠ᠂ ᠠᠳᠡᠬᠢ ᠬᠤᠳᠠᠯᠳᠤᠨ ᠠᠪᠬᠤ | ᠦᠨ᠎ᠡ ᠨᠢ ᠵᠢᠩ ᠪᠦᠷᠢ ᠳᠡᠭᠡᠨ ᠵᠠᠬ᠎ᠠ ᠳᠡᠯᠭᠡᠭᠦᠷ ᠤᠨ ᠦᠨ᠎ᠡ ᠠᠴᠠ 1 ᠲᠥᠭᠦᠷᠢᠭ ᠥᠨᠳᠥᠷ᠂ ᠲᠤᠬᠠᠢ ᠶᠢᠨ | ᠦᠶ᠎ᠡ ᠶᠢᠨ ᠬᠤᠳᠠᠯᠳᠤᠨ ᠠᠪᠬᠤ ᠬᠡᠯᠡᠯᠴᠡᠭᠡᠷ ᠲᠤ ᠲᠣᠭᠲᠠᠭᠠᠭᠰᠠᠨ ᠦᠨ᠎ᠡ ᠠᠴᠠ ᠪᠠᠰᠠ ᠵᠢᠩ ᠪᠦᠷᠢ ᠳᠡᠭᠡᠨ 5 | ᠮᠥᠩᠭᠦ ᠥᠨᠳᠥᠷ᠂ ᠢᠡᠭᠭᠢᠭᠡᠳ 200 ᠬᠤᠨᠢ ᠪᠠᠨ ᠬᠤᠳᠠᠯᠳᠤᠭᠠᠳ ᠢᠯᠡᠬᠦᠤ 6000 ᠭᠠᠷᠤᠢ ᠲᠥᠭᠦᠷᠢᠭ ᠤᠯᠤᠯ᠎ᠠ | ᠰᠢᠯᠢ ᠶᠢᠨ ᠭᠤᠣᠯ ᠬᠤᠨᠢᠨ ᠤ ᠨᠡᠷᠡᠳᠦ ᠲᠡᠮᠳᠡᠭ ᠤᠯᠠᠮ ᠠᠴᠠ ᠤᠯᠠᠮ ᠠᠯᠳᠠᠷᠰᠢᠬᠤ ᠶᠢ ᠳᠠᠭᠠᠯᠳᠤᠨ᠂ ᠮᠠᠯᠴᠢᠳ | ᠨᠡᠩ ᠤᠯᠠᠨ ᠠᠰᠢᠭ ᠬᠦᠷᠲᠡᠭᠦ ᠪᠤᠯᠵᠠᠢ︾ ᠭᠡᠵᠤ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ | ᠬᠠᠷᠠᠭᠤᠪᠢ ᠭᠠᠴᠠᠭᠠᠨ ᠤ ᠮᠠᠯᠴᠢᠨ ᠪᠠᠲᠤ ᠰᠤᠷᠪᠤᠯᠵᠢᠯᠠᠭᠴᠢ ᠳᠤ ᠶᠠᠷᠢᠨ᠎ᠠ᠃ | ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ | ᠣᠯᠭᠤᠭᠰᠠᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠵᠡᠭᠦᠨ ᠦᠵᠦᠮᠦᠴᠢᠨ ᠬᠤᠰᠢᠭᠤᠨ ᠤ ᠴᠢᠨ ᠮᠦ | ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠨᠢ ᠠᠵᠤ ᠠᠬᠤᠶᠢᠯᠠᠯ ᠬᠢᠭᠡᠳ ᠮᠠᠯᠵᠢᠬᠤ ᠡᠷᠦᠬᠡ ᠨᠡᠷᠡᠳᠦ ᠲᠡᠮᠳᠡᠭ ᠢ | ᠬᠠᠮᠲᠤ ᠪᠠᠷ ᠪᠠᠶᠢᠭᠤᠯᠬᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠨᠠᠷᠠᠲᠤ | ᠲᠡᠮᠳᠡᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ ᠲᠠᠯ᠎ᠠ ᠨᠤᠲᠤᠭ ᠤᠨ ᠬᠤᠨᠢᠨ ᠤ ᠦᠨ᠎ᠡ ᠬᠠᠩᠰᠢ ᠶᠢ | ᠲᠣᠭᠲᠠᠪᠤᠷᠢᠵᠢᠭᠤᠯᠵᠤ᠂ ᠨᠠᠷᠠᠲᠤ ᠲᠡᠮᠳᠡᠭ ᠤᠨ ᠦᠨ᠎ᠡ ᠥᠷᠲᠡᠭ ᠢᠶᠠᠷ ᠨᠠᠩ ᠣᠯᠠᠨ ᠮᠠᠯᠴᠢᠳ ᠲᠤ ᠠᠰᠢᠭ | ᠬᠦᠷᠲᠡᠭᠡᠵᠠᠢ᠃ ᠦᠵᠦᠮᠦᠴᠢᠨ ᠬᠤᠨᠢᠨ ᠤ ᠪᠠᠶᠢᠭ᠎ᠠ ᠬᠦᠷᠢᠶ᠎ᠡ ᠬᠡᠪᠴᠢᠶ᠎ᠡ᠂ ᠲᠤᠭ᠎ᠠ ᠬᠡᠮᠵᠢᠶ᠎ᠡ᠂ ᠡᠭᠦᠯᠳᠡᠷ ᠨᠢ ᠴᠡᠪᠡᠷ | ᠪᠠᠶᠢᠬᠤ ᠶᠢ ᠪᠠᠳᠤᠯᠠᠬᠰᠠᠨ ᠤᠷᠢᠲᠠᠯ ᠳᠣᠣᠷ᠎ᠠ᠂ ᠡᠨᠡ ᠵᠢᠯ ᠤᠨ 3 ᠰᠠᠷ᠎ᠠ ᠳᠤ᠂ ᠲᠣᠰ ᠺᠣᠮᠫᠠᠨᠢ ᠤᠷᠢᠳ ᠢᠶᠠᠷ | ᠭᠠᠴᠠᠭ᠎ᠠ ᠪᠠᠷ ᠨᠢᠭᠡᠴᠢ ᠪᠣᠯᠭᠠᠨ᠂ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠨᠡᠶᠢᠲᠡ 16.87 ᠲᠦᠮᠡᠨ | ᠬᠤᠨᠢᠨ ᠤ ᠢᠷᠡᠯᠲᠡ ᠶᠢ ᠲᠣᠭᠲᠠᠭᠠᠨ᠂ ᠪᠥᠬᠦ ᠬᠤᠰᠢᠭᠤᠨ ᠤ 6 ᠰᠤᠮᠤ ᠪᠠᠯᠭᠠᠰᠤᠨ ᠤ 32 ᠭᠠᠴᠠᠭᠠᠨ ᠤ 668 | ᠮᠠᠯᠵᠢᠬᠤ ᠡᠷᠦᠬᠡ ᠳᠤ ᠠᠰᠢᠭ ᠬᠦᠷᠲᠡᠭᠡᠵᠦ᠂ ᠵᠢᠱᠢᠯᠲᠡ ᠪᠠᠷ 500 ᠭᠠᠷᠤᠢ ᠲᠦᠮᠡᠨ ᠲᠥᠭᠦᠷᠢᠭ ᠤᠨ | ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤᠮᠳᠠᠭᠠᠨ ᠤ | ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠴᠧᠡᠭ᠄ ︽8 ᠰᠠᠷ᠎ᠠ ᠶᠢᠨ 16 ᠤ ᠡᠳᠦᠷ ᠠᠵᠢᠯ | ᠡᠬᠢᠯᠡᠭᠰᠡᠨ ᠠᠴᠠ ᠨᠠᠭᠠᠰᠢ᠂ ᠣᠳᠣᠬᠠᠨ ᠳᠤ ᠠᠵᠤ ᠠᠬᠤᠶᠢᠯᠠᠯ ᠨᠢᠭᠡᠨᠳᠡ 3 ᠲᠦᠮᠡ ᠭᠠᠷᠤᠢ ᠵᠠᠬᠢᠶᠠᠯᠠᠭ᠎ᠠ ᠶᠢᠨ | ᠬᠤᠨᠢ ᠶᠢ ᠡᠳ᠋ᠰᠢᠭᠦᠯᠦᠨ ᠪᠣᠯᠪᠠᠰᠤᠷᠠᠭᠤᠯᠵᠤ᠂ ᠵᠠᠬᠢᠶᠠᠯᠠᠭ᠎ᠠ ᠶᠢᠨ 1/5 ᠶᠢ ᠪᠡᠶᠡᠯᠡᠭᠦᠯᠪᠡ᠃ ᠲᠠᠷᠠᠭ᠎ᠠ ᠨᠢ ᠪᠢᠳᠡ ᠪᠦᠬᠦ | ᠬᠦᠴᠦ ᠪᠠᠷ ᠢᠶᠠᠨ ᠦᠢᠯᠡᠳᠪᠦᠷᠢᠯᠡᠵᠦ᠂ ᠡᠭᠦᠷᠭᠡ ᠪᠠᠨ ᠳᠠᠪᠠᠭᠤᠯᠤᠨ ᠪᠡᠶᠡᠯᠡᠭᠦᠯᠭᠦ ᠪᠠᠷ ᠴᠢᠷᠮᠠᠶᠢᠵᠦ᠂ ᠥᠷᠭᠡᠨ ᠣᠯᠠᠨ | ᠮᠠᠯᠴᠢᠳ ᠲᠤ ᠦᠨᠡᠨ ᠬᠦ ᠠᠰᠢᠭ ᠬᠦᠷᠲᠡᠭᠡᠨ᠎ᠠ︾ ᠭᠡᠪᠡ᠃ | ᠣᠶᠢᠯᠠᠭᠠᠭᠰᠠᠨ ᠢᠶᠠᠷ᠂ ᠵᠡᠭᠦᠨ ᠦᠵᠦᠮᠦᠴᠢᠨ ᠬᠤᠰᠢᠭᠤ 8 ᠰᠠᠷ᠎ᠠ ᠶᠢᠨ ᠳᠤᠮᠳᠠᠴᠢ ᠠᠴᠠ ᠡᠬᠢᠯᠡᠨ ᠨᠠᠮᠤᠷ ᠤᠨ | ᠵᠠᠷᠤᠴᠠᠭᠤᠯᠤᠯᠳᠠ ᠶᠢᠨ ᠠᠵᠢᠯ ᠢᠶᠠᠨ ᠡᠬᠢᠯᠡᠭᠦᠯᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ 10 ᠠᠵᠤ | ᠠᠬᠤᠶᠢᠯᠠᠯ ᠨᠢᠭᠡᠨᠲᠡ 29.37 ᠲᠦᠮᠡᠨ ᠬᠤᠨᠢ ᠨᠢᠲᠤᠯᠵᠤ᠂ ᠡᠳᠦᠷ ᠲᠤ 1.63 ᠲᠦᠮᠡᠨ ᠬᠤᠨᠢ ᠨᠢᠲᠤᠯᠤᠨ᠂ ᠡᠨᠡ | ᠵᠢᠯ 100 ᠲᠦᠮᠡᠨ ᠬᠤᠨᠢ ᠨᠢᠲᠤᠯᠵᠤ ᠪᠣᠯᠪᠠᠰᠤᠷᠠᠭᠤᠯᠬᠤ ᠪᠠᠷ ᠪᠠᠶᠢᠨ᠎ᠠ᠃ |