9 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠠᠢ ᠵᠥᠪᠳᠡᠯᠴᠡᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠥᠰ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ | ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠤᠷᠢᠳᠤᠬᠢ ᠬᠤᠭᠤᠴᠠᠭᠠᠨ ᠤ ᠰᠤᠳᠤᠯᠤᠨ ᠲᠥᠯᠥᠪᠵᠢᠭᠦᠯᠤᠯᠳᠡ ᠪᠠ ᠥᠭᠡᠷᠡᠴᠢᠯᠡᠯᠲᠡ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠪᠠᠶᠢᠳᠠᠯ ᠢ ᠮᠡᠳᠡᠭᠳᠡᠵᠦ᠂ ᠪᠥᠬᠦ | ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠠᠵᠢᠯ ᠤᠨ ᠲᠤᠬᠠᠢ | ᠵᠥᠪᠳᠡᠯᠴᠡᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃ | ᠶᠠᠷᠢᠯᠴᠠᠬᠤ ᠬᠤᠷᠠᠯ ᠳᠡᠭᠡᠷ᠎ᠡ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠤᠨ 7 ᠲᠥᠯᠥᠭᠡᠯᠡᠭᠴᠢ ᠤᠷᠢᠳ ᠬᠤᠵᠢᠳ ᠦᠬᠡ ᠬᠡᠯᠡᠪᠡ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠵᠠᠩ ᠪᠠᠢ ᠴᠧᠩ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠨᠠᠷᠢᠨ ᠬᠢᠨᠠᠮᠠᠭᠠᠢ ᠡᠮᠬᠢᠯᠡᠵᠦ᠂ ᠵᠤᠷᠪᠤᠰ ᠳᠠᠷᠠᠭᠠᠯᠠᠨ ᠵᠠᠳᠠᠯᠵᠦ᠂ ᠰᠤᠳᠤᠯᠤᠨ ᠬᠦᠯᠢᠶᠡᠨ ᠠᠪᠴᠤ᠂ | ᠵᠥᠪᠳᠡᠯᠴᠡᠭᠰᠡᠨ ᠦᠷ᠎ᠡ ᠪᠦᠲᠦᠭᠡᠯ ᠢ ᠦᠨᠡᠨ ᠬᠦ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ | ᠪᠣᠳᠠᠲᠦ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠵᠠᠩ ᠪᠠᠢ ᠴᠧᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠱᠠᠭᠠᠷᠳᠠᠯᠭ᠎ᠠ ᠳᠤᠷᠠᠳᠪᠠ᠃ ᠨᠢᠭᠡ ᠳᠤ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤᠮᠳᠠ ᠬᠥᠭᠵᠢᠯᠲᠡ ᠶᠢᠨ ᠶᠡᠭᠡ ᠬᠠᠨᠳᠤᠰᠢ ᠶᠢ ᠪᠠᠲᠤᠳᠬᠠᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠠ᠂ ᠥᠷᠭᠡᠨ ᠤᠯᠠᠨ | ᠪᠦᠷᠢᠯᠳᠦᠭᠦᠨ ᠪᠠ ᠥᠪᠡᠷ ᠥᠪᠡᠷ ᠤᠨ ᠬᠠᠷᠢᠯᠴᠠᠵᠤ ᠪᠠᠶᠢᠭ᠎ᠠ ᠤᠯᠠᠨ ᠲᠦᠮᠡᠨ ᠢᠶᠠᠨ ᠬᠥᠮᠥᠵᠢᠭᠦᠯᠦᠨ ᠵᠢᠯᠤᠭᠤᠳᠴᠤ | ᠪᠠᠶᠢᠭᠠᠳ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠡᠶᠢᠭᠡᠮ ᠤᠨ ᠡᠯ᠎ᠡ | ᠡᠲᠡᠭᠡᠳ ᠤᠨ ᠬᠠᠮᠲᠤ ᠶᠢᠨ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ | ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠠᠢ᠃ | ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠢᠳᠡᠪᠬᠢᠲᠡᠢ ᠠᠵᠢᠯᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠭᠤᠣᠯ ᠰᠢᠵᠢᠮ ᠲᠠᠢ ᠨᠢᠭᠲᠠ | ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ | ︾ ᠲᠡᠮᠡᠴᠡᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠬᠦ ᠳᠤ ᠰᠠᠭᠤᠷᠢᠯᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ | ᠥᠷᠨᠢᠭᠦᠯᠤᠨ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠭ᠎ᠠ ᠤᠬᠠᠭᠠᠨ ᠭᠠᠷᠭᠠᠠ ᠰᠠᠨᠠᠯ ᠵᠥᠪᠯᠡᠯᠭᠡ ᠳᠤᠷᠠᠳᠴᠦ᠂ | ᠪᠦᠬᠦ ᠠᠶᠢᠮᠠᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠬᠤ ᠶᠠᠪᠤᠴᠠ ᠳᠤ ᠨᠡᠩ ᠶᠡᠭᠡ ᠬᠠᠷᠢᠭᠤᠴᠠᠯᠭ᠎ᠠ ᠶᠢ | ᠡᠭᠦᠷᠭᠡᠯᠡᠬᠦ ᠬᠡᠷᠡᠭᠲᠡᠢ᠃ ᠭᠤᠷᠪᠠ ᠳᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ | ᠴᠢᠳᠠᠪᠤᠷᠢ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ | ᠰᠠᠶᠢᠲᠤᠷ ᠡᠭᠦᠷᠭᠡᠯᠡᠠ᠂ ᠪᠠᠶᠢᠪᠠᠰᠤ ᠵᠣᠬᠢᠬᠤ ᠦᠢᠯᠡᠳᠦᠯ ᠢᠶᠠᠨ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠳᠤᠮᠳᠠ ᠠᠵᠢᠯ ᠤᠨ ᠶᠠᠰᠦ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ | ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠤᠭᠤᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠨ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠦᠷᠢᠮ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ | ᠠᠷᠭ᠎ᠠ ᠪᠠᠨ ᠰᠠᠶᠢᠵᠢᠷᠠᠭᠤᠯᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠤᠨ ᠬᠥᠭᠵᠢᠯᠲᠡ ᠶᠢᠨ | ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ | ᠠᠶᠢᠮᠠᠭ ᠤᠨ ᠱᠠᠲᠤᠨ ᠤ ᠬᠤᠯᠪᠤᠬᠳᠠᠯ ᠪᠦᠬᠦᠢ ᠤᠳᠤᠷᠢᠳᠤᠯᠭ᠎ᠠ ᠪᠣᠯᠣᠨ ᠬᠤᠯᠪᠤᠬᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |