ᠵᠠᠩ ᠪᠠᠢ ᠴᠧᠩ ︽ᠳᠥᠷᠪᠡ ᠶᠢ ᠮᠡᠳᠡᠭᠳᠡᠬᠦ ᠦᠭᠡᠢ ᠬᠤᠶᠠᠷ ᠲᠤ ᠰᠢᠭᠤᠳ ᠬᠦᠨᠵᠡᠭᠡᠶᠢᠷᠡᠬᠦ︾ ᠬᠡᠯᠪᠡᠷᠢ ᠪᠠᠷ ᠵᠡᠭᠦᠨ‌ᠦᠵᠦᠮᠦᠴᠢᠨ ᠬᠤᠰᠢᠭᠤ ᠤᠯᠠᠭᠠᠢ ᠬᠠᠮᠢᠶᠠᠷᠤᠯᠲᠠ ᠶᠢᠨ ᠣᠷᠣᠨ ᠳᠤ ᠠᠵᠢᠯ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/9/25
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ︽ᠳᠥᠷᠪᠡ ᠶᠢ ᠮᠡᠳᠡᠭᠳᠡᠬᠦ ᠦᠭᠡᠢ ᠬᠤᠶᠠᠷ ᠲᠤ ᠰᠢᠭᠤᠳ ᠬᠦᠨᠵᠡᠭᠡᠶᠢᠷᠡᠬᠦ︾ ᠬᠡᠯᠪᠡᠷᠢ ᠪᠠᠷ ᠵᠡᠭᠦᠨ ᠦᠵᠦᠮᠦᠴᠢᠨ ᠬᠤᠰᠢᠭᠤ᠂ ᠤᠯᠠᠭᠠᠢ ᠬᠠᠮᠢᠶᠠᠷᠤᠯᠲᠠ ᠶᠢᠨ ᠣᠷᠣᠨ ᠳᠤ ᠠᠵᠢᠯ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃      ᠵᠠᠩ ᠪᠠᠢ ᠴᠧᠩ ᠤᠷᠢᠳ ᠬᠤᠵᠢᠳ ᠵᠡᠭᠦᠨ ᠦᠵᠦᠮᠦᠴᠢᠨ ᠬᠤᠰᠢᠭᠤᠨ ᠤ ᠮᠠᠨᠳᠤᠬᠤᠪᠤᠯᠠᠭ ᠪᠠᠯᠭᠠᠰᠤ᠂ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠠᠮᠲᠤᠷᠠᠭᠰᠠᠨ ᠪᠠᠶᠢᠴᠠᠭᠠᠬᠤ ᠦᠷᠳᠡᠭᠡ᠂ ᠳᠤᠮᠳᠠᠳᠤ ᠮᠣᠩᠭᠤᠯ ᠤᠨ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ᠂ ᠪᠣᠭᠳ᠋ᠬᠠᠭᠤᠯᠠ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠪᠣᠯᠣᠨ ᠬᠢᠯᠢ ᠶᠢᠨ ᠬᠠᠷᠠᠭᠤᠯ ᠤᠨ ᠭᠠᠵᠠᠷ ᠲᠤ ᠭᠦᠨᠵᠡᠭᠡᠶᠢᠷᠡᠵᠦ᠂ ᠭᠠᠯ ᠲᠦᠢᠮᠡᠷ ᠢ ᠰᠡᠷᠭᠡᠶᠢᠯᠡᠠ ᠤᠨᠲᠠᠷᠠᠭᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ᠂ ᠭᠠᠯ ᠲᠦᠢᠮᠡᠷ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠣᠳᠣᠬᠠᠨ ᠳᠤ ᠮᠠᠨ ᠤ ᠠᠶᠢᠮᠠᠭ ᠨᠢᠭᠡᠨᠲᠡ ᠨᠠᠮᠤᠷ ᠤᠨ ᠤᠯᠠᠷᠢᠯ ᠤᠨ ᠭᠠᠯ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠣᠷᠣᠭᠠᠳ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ︽ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠪᠠᠭ᠎ᠠ ᠳᠤᠨᠢ ᠰᠶᠢᠳᠪᠦᠷᠢᠯᠡᠬᠦ︾ ᠵᠠᠷᠴᠢᠮ ᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠠᠰᠠᠭᠤᠳᠠᠯ ᠤᠨ ᠬᠡᠮ ᠰᠣᠭᠤᠭ ᠢ ᠨᠠᠷᠢᠯᠢᠭ ᠣᠨᠣᠪᠴᠢᠲᠠᠢ ᠪᠠᠷ ᠵᠢᠬᠰᠠᠭᠠᠨ ᠪᠠᠶᠢᠴᠠᠭᠠᠵᠤ᠂ ᠪᠥᠬᠦ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠶᠤᠨᠴᠢᠯᠠᠭᠰᠠᠨ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠬᠢᠯᠢ ᠶᠢᠨ ᠭᠠᠳᠠᠨᠠᠬᠢ ᠭᠠᠯ ᠲᠦᠢᠮᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠵᠦ ᠰᠡᠷᠭᠡᠶᠢᠯᠡᠨ ᠰᠶᠢᠳᠪᠦᠷᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠣᠯᠪᠠᠰᠤᠷᠠᠯ ᠰᠣᠷᠢᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠱᠠᠲᠤᠨ ᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ ᠰᠤᠷᠤᠯᠴᠠᠨ ᠡᠵᠡᠮᠰᠢᠭᠦᠯᠵᠦ᠂ ᠭᠠᠯ ᠲᠦᠢᠮᠡᠷ ᠡᠭᠦᠰᠦᠭᠰᠡᠨ ᠤ ᠳᠠᠷᠠᠭ᠎ᠠ ᠳᠠᠷᠦ᠋ᠢᠬᠠᠨ ᠢᠯᠡᠷᠡᠭᠦᠯᠵᠦ᠂ ᠳᠠᠷᠦ᠋ᠢᠬᠠᠨ ᠰᠶᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠬᠤᠯᠠ ᠭᠠᠵᠠᠷ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ ᠭᠡᠵᠠᠢ᠃      ᠡᠨᠡ ᠬᠤᠭᠤᠴᠠᠭᠠᠨ ᠳᠤ᠂ ᠵᠠᠩ ᠪᠠᠢ ᠴᠧᠩ ᠪᠠᠰᠠ ᠤᠯᠠᠭᠠᠢ ᠴᠥᠭᠦᠷᠥᠮ ᠳᠤ ᠭᠤᠣᠯ ᠴᠠᠭᠳᠠᠬᠤ ᠠᠵᠢᠯ ᠥᠷᠨᠢᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠭᠤᠣᠯ ᠮᠦᠷᠡᠨ ᠨᠠᠭᠤᠷ ᠴᠦ᠋ᠬᠦᠷᠦᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠮᠤᠳᠦ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠤᠣᠯ ᠮᠦᠷᠡᠨ ᠨᠠᠭᠤᠷ ᠴᠦ᠋ᠬᠦᠷᠦᠮ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠠ᠂ ᠪᠦᠬᠦ ᠠᠶᠢᠮᠠᠭ ᠤᠨ ᠭᠤᠣᠯ ᠮᠦᠷᠡᠨ ᠨᠠᠭᠤᠷ ᠴᠦ᠋ᠬᠦᠷᠦᠮ ᠤᠨ ᠠᠮᠢ ᠠᠬᠤᠢ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃              
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号