ᠠᠶᠢᠮᠠᠭ ᠤᠨ ᠵᠠᠬᠢᠷᠭ᠎ᠠ ᠪᠦᠬᠦ ᠠᠶᠢᠮᠠᠭ ᠤᠨ ᠵᠤᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/25
     ᠣᠶᠢᠷ᠎ᠠ ᠳᠤ᠂ ᠠᠶᠢᠮᠠᠭ ᠤᠨ ᠵᠠᠬᠢᠷᠭ᠎ᠠ ᠪᠦᠬᠦ ᠠᠶᠢᠮᠠᠭ ᠤᠨ ᠵᠤᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠵᠢᠭᠤᠯᠴᠢᠯᠠᠯ ᠤᠨ ᠦᠢᠯᠡᠰ ᠨᠢ ᠠᠵᠤ ᠠᠬᠤᠢ ᠶᠢ ᠬᠥᠭᠵᠢᠭᠦᠯᠬᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠪᠠᠷ ᠮᠠᠨᠳᠤᠭᠰᠠᠨ ᠠᠵᠤ ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ ᠪᠠᠶᠢᠵᠦ᠂ ᠶᠡᠷᠦᠩᠬᠡᠶᠢᠯᠡᠭᠰᠡᠨ ᠳᠠᠶᠢᠴᠢᠯᠠᠬᠤ ᠦᠢᠯᠡᠳᠦᠯ ᠲᠠᠢ ᠶᠤᠮ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠷᠦᠩᠭᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠵᠢᠭᠤᠯᠴᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠠᠵᠠ ᠲᠣᠬᠢᠶᠠᠯ ᠰᠢᠨ᠎ᠡ ᠥᠷᠢᠰᠦᠯᠳᠦᠭᠡᠨ ᠢ ᠲᠣᠳᠣᠷᠬᠠᠢ ᠲᠠᠨᠢᠠ᠂ ᠲᠤᠰ ᠪᠡᠶ᠎ᠡ ᠶᠢᠨ ᠲᠠᠯᠳᠠ ᠬᠦᠴᠦᠨ ᠪᠣᠯᠣᠨ ᠴᠢᠭᠯᠡᠯ ᠢᠶᠠᠨ ᠣᠨᠣᠪᠴᠢᠲᠠᠢ ᠣᠯᠵᠤ᠂ ᠨᠢᠭᠡ ᠲᠠᠯ᠎ᠠ ᠪᠠᠷ ᠡᠯ᠎ᠡ ᠭᠠᠵᠠᠷ ᠤᠨ ᠵᠢᠭᠤᠯᠴᠢᠯᠠᠯ ᠢ ᠬᠥᠭᠵᠢᠭᠦᠯᠦᠭᠰᠡᠨ ᠠᠷᠭ᠎ᠠ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ︔ ᠨᠦᠭᠦᠭᠡ ᠲᠠᠯ᠎ᠠ ᠪᠠᠷ ᠳᠤᠲᠠᠭᠤᠳᠠᠯ ᠢᠶᠠᠨ ᠨᠠᠷᠢᠨ ᠬᠢᠨᠠᠮᠠᠭᠠᠢ ᠡᠷᠢᠵᠦ᠂ ᠪᠣᠭᠤᠮᠢ ᠬᠢᠵᠠᠭᠠᠷᠯᠠᠯ ᠢ ᠬᠦᠴᠦᠯᠡᠨ ᠠᠷᠢᠯᠭᠠᠬᠤ ᠬᠡᠷᠡᠭᠲᠡᠢ᠃ ᠡᠨᠡ ᠬᠦ ᠰᠠᠭᠤᠷᠢᠨ ᠳᠡᠭᠡᠷ᠎ᠡ᠂ ᠵᠢᠭᠤᠯᠴᠢᠯᠠᠯ ᠤᠨ ᠨᠢᠭᠡ ᠬᠥᠯᠭᠡ ᠰᠢᠲᠠᠷ᠎ᠠ ᠶᠢᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠶ ᠪᠣᠯᠭᠠᠵᠤ᠂ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠵᠠᠮ᠂ ᠦᠪᠡᠷ ᠢᠶᠠᠨ ᠮᠠᠰᠢᠨ ᠪᠠᠷᠢᠵᠦ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠶᠡᠭᠡ ᠲᠣᠭᠤᠷᠢᠯ ᠵᠠᠮ ᠢᠶᠠᠷ ᠭᠤᠣᠯ ᠰᠢᠵᠢᠮ ᠪᠣᠯᠭᠠᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠠ᠂ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠨ ᠵᠢᠭᠤᠯᠴᠢᠯᠠᠯ ᠤᠨ ᠰᠣᠳᠣᠨ ᠵᠠᠮ ᠱᠤᠭᠤᠮ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ ᠳᠤ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠭᠦᠨᠵᠡᠭᠡᠢ ᠠᠭᠤᠰᠤᠯᠴᠠᠭᠤᠯᠵᠦ᠂ ᠤᠬᠠᠭᠤᠯᠤᠨ ᠲᠠᠨᠢᠯᠴᠠᠭᠤᠯᠬᠤ ᠪᠠᠷ ᠳᠠᠮᠵᠢᠭᠤᠯᠤᠨ ᠵᠢᠭᠤᠯᠴᠢᠯᠠᠬᠰᠡᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠨ ᠥᠷᠭᠡᠳᠬᠡᠵᠦ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ︾  ᠤᠨ ᠵᠢᠭᠤᠯᠴᠢᠯᠠᠯ ᠤᠨ ᠬᠦᠴᠦᠨ ᠵᠦᠢᠯ ᠢ ᠨᠢᠭᠡ ᠴᠣᠭᠴᠠᠵᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠷᠭᠡᠨ ᠣᠯᠠᠨ ᠵᠢᠭᠤᠯᠴᠢᠯᠠᠭᠰᠡᠳ ᠤᠨ ᠣᠯᠠᠨ ᠶᠠᠩᠵᠦ ᠶᠢᠨ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠭᠤᠯᠬᠤ ᠬᠡᠷᠡᠭᠲᠠᠢ᠃ ᠡᠯ᠎ᠡ ᠭᠠᠵᠠᠷ ᠤᠨ ᠰᠣᠶᠣᠯ ᠤᠨ ᠠᠭᠤᠯᠬᠤᠨ᠂ ᠪᠠᠶᠢᠭᠠᠯᠢ ᠶᠢᠨ ᠥᠩᠭᠡ ᠦᠵᠡᠮᠵᠢ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠵᠦᠷᠢᠶᠡᠴᠢᠯᠡᠭᠰᠡᠨ᠂ ᠣᠨᠴᠠᠯᠢᠬᠵᠢᠭᠰᠠᠨ ᠬᠥᠭᠵᠢᠯᠲᠡ ᠶᠢ ᠳᠣᠪᠤᠶᠢᠯᠭᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠣᠰ ᠲᠣᠰ ᠤᠨ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠵᠤ᠂ ︽ᠬᠠᠨᠠᠭᠠᠷ ᠲᠠᠯ᠎ᠠ · ᠰᠢᠯᠢ ᠶᠢᠨ ᠭᠤᠣᠯ︾  ᠤᠨ ᠨᠡᠷ᠎ᠠ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠠᠢ᠃      ᠠᠶᠢᠮᠠᠭ ᠤᠨ ᠳᠡᠳ᠋ ᠳᠠᠷᠤᠭ᠎ᠠ ᠶᠠᠩ ᠯᠢ ᠪᠣᠳᠠᠲᠠᠢ ᠠᠵᠢᠯ ᠪᠠᠶᠢᠷᠢᠯᠠᠭᠤᠯᠪᠠ᠃ ᠬᠤᠯᠪᠣᠭᠳᠠᠯ ᠪᠦᠬᠦᠢ ᠬᠤᠰᠢᠭᠤ ᠰᠢᠶᠠᠨ ︵ᠤᠷᠤᠨ︶ ᠰᠣᠶᠣᠯ ᠵᠢᠭᠤᠯᠴᠢᠯᠠᠯ ᠤᠨ ᠠᠵᠢᠯ ᠤᠨ ᠠᠷᠭ᠎ᠠ ᠲᠤᠷᠰᠢᠯᠭ᠎ᠠ ᠪᠠᠨ ᠰᠣᠯᠢᠯᠴᠠᠪᠠ᠃      ᠬᠤᠷᠠᠯ ᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠬᠦᠷᠲᠠᠯ᠎ᠠ ᠬᠤᠷᠠᠯᠳᠤᠭᠤᠯᠪᠠ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号