ᠪᠦᠬᠦ ᠠᠶᠢᠮᠠᠭ ᠤᠨ ᠰᠢᠶᠠᠨ ᠭᠠᠵᠠᠷ ᠤᠨ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠭᠢᠯᠡᠭᠦ ᠶᠤᠰᠤᠯᠠᠯ ᠶᠠᠪᠤᠬᠳᠠᠪᠠ
ᠨᠡᠶᠢᠲᠡᠯᠡᠭᠰᠡᠨ ᠴᠠᠭ᠄
2024/9/3
     9 ᠰᠠᠷ᠎ᠠ ᠶᠢᠨ 2 ᠤᠨ ᠡᠳᠦᠷ᠂ ᠪᠦᠬᠦ ᠠᠶᠢᠮᠠᠭ ᠤᠨ ᠰᠢᠶᠠᠨ ᠭᠠᠵᠠᠷ ᠤᠨ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ  ᠭᠦᠨᠵᠡᠭᠡᠢ  ᠰᠤᠷᠤᠯᠴᠠᠨ  ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠦᠷᠦᠭᠦᠯᠡᠨ ᠴᠢᠳᠠᠪᠤᠷᠢ ᠪᠠᠨ ᠳᠡᠭᠡᠭᠰᠢᠯᠡᠭᠦᠯᠦᠨ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ᠪᠦᠬᠦ ᠠᠶᠢᠮᠠᠭ ᠤᠨ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ  ᠰᠠᠶᠢᠲᠠᠢ  ᠬᠥᠭᠵᠢᠯᠲᠡ  ᠶᠢ  ᠠᠬᠢᠭᠤᠯᠬᠤ  ᠬᠡᠷᠡᠭᠲᠡᠢ  ᠭᠡᠪᠡ᠃      ᠵᠠᠩ ᠪᠠᠢ ᠴᠧᠩ ᠪᠠᠰᠠ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠤ᠂ ᠤᠯᠤᠰ ᠲᠦᠷᠦ ᠪᠠᠷ ᠰᠤᠷᠭᠠᠭᠤᠯᠢ ᠪᠠᠶᠢᠭᠤᠯᠬᠤ ᠶᠢ ᠪᠠᠷᠢᠮᠲᠠᠯᠠᠵᠤ᠂ ᠨᠠᠮᠴᠢ ᠴᠢᠨᠠᠷ ᠢ ᠪᠠᠷᠢᠮᠳᠠᠯᠠᠬᠤ ᠶᠢ ᠨᠠᠮ ᠤᠨ ᠰᠤᠷᠭᠠᠭᠤᠯᠢ ᠶᠢᠨ ᠠᠵᠢᠯ ᠳᠤ ᠢᠮᠠᠭᠲᠠ ᠲᠤᠭᠤᠰᠢᠯᠠᠭᠤᠯᠵᠤ᠂ ᠨᠠᠮ ᠤᠨ ᠰᠤᠷᠭᠠᠭᠤᠯᠢ ᠶᠢᠨ ᠠᠵᠢᠯ ᠢ ᠢᠮᠠᠭᠲᠠ ᠵᠥᠪ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠤᠯᠠᠬᠤ ᠬᠡᠷᠡᠭᠲᠡᠢ᠃ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠪᠠᠷᠢᠮᠲᠠᠯᠠᠵᠤ᠂ ᠰᠤᠷᠭᠠᠭᠤᠯᠢ ᠡᠷᠬᠢᠯᠡᠬᠦ ᠡᠬᠢ ᠪᠠᠶᠠᠯᠢᠭ ᠢ ᠨᠡᠶᠢᠳᠬᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦᠯᠡᠵᠦ᠂ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠴᠢᠩᠭ᠎ᠠ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠨᠠᠮ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠡᠭᠡᠯ ᠪᠣᠷᠣᠭᠵᠢᠭᠤᠨ ᠰᠢᠯᠢᠳᠡᠭ ᠰᠠᠶᠢᠨ ᠰᠤᠷᠭᠠᠭᠤᠯᠢ ᠶᠢᠨ ᠰᠤᠷᠲᠠᠯ ᠢ ᠶᠡᠬᠡᠪᠡᠷ ᠪᠠᠳᠠᠷᠠᠭᠤᠯᠵᠤ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                      ᠣᠷᠴᠢᠭᠤᠯᠣᠭᠴᠢ᠄  ᠰᠠᠷᠠᠨ᠎ᠠ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号