ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 29 ᠤ ᠴᠠᠭᠢᠯᠭᠠᠨ ᠮᠡᠳᠡᠭᠡ ᠰᠡᠳᠬᠢᠯ ᠬᠥᠳᠡᠯᠭᠡᠮ᠎ᠡ | ᠠᠶᠠᠰ ᠢᠶᠠᠷ ᠠᠤᠭ᠎ᠠ ᠲᠤᠤᠯᠢᠰ ᠢ ᠤᠶᠠᠩᠭᠠᠯᠠᠵᠤ᠂ ᠢᠷᠠᠭᠤ ᠰᠠᠶᠢᠬᠠᠨ ᠬᠥᠭᠵᠢᠮ ᠢᠶᠠᠷ ᠠᠭᠤᠤ ᠶᠡᠭᠡ ᠴᠠᠭ ᠦᠶ᠎ᠡ ᠶᠢ ᠮᠠᠭᠲᠠᠨ | ᠳᠠᠭᠤᠯᠠᠨ᠎ᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ | ᠳᠠᠭᠤᠤ ᠬᠥᠭᠵᠢᠮ ᠤᠨ ᠲᠤᠬᠯᠠᠯᠳᠠ 29 ᠤ ᠣᠷᠣᠢ ᠪᠡᠭᠡᠵᠢᠩ ᠳᠤ ᠶᠠᠪᠤᠭᠳᠠᠪᠠ᠃ ᠰᠢ ᠶᠢᠨ ᠫᠢᠩ᠂ ᠯᠢ ᠴᠢᠶᠠᠩ᠂ ᠵᠤᠤ | ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠣᠨ | ᠲᠦᠷᠦ ᠶᠢᠨ ᠤᠳᠤᠷᠢᠳᠬᠤ ᠬᠥᠮᠥᠰ 3000 ᠭᠠᠷᠤᠢ ᠦᠵᠡᠭᠴᠢᠳ ᠲᠠᠢ ᠬᠠᠮᠲᠤ ᠲᠣᠬᠯᠠᠯᠲᠠ ᠶᠢ ᠰᠣᠨᠢᠷᠬᠠᠵᠤ᠂ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠬᠠᠮᠲᠤ ᠪᠠᠷ | ᠡᠷᠭᠢᠴᠡᠭᠦᠯᠵᠦ᠂ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠬᠠᠮᠲᠤ ᠪᠠᠷ ᠵᠥᠩᠨᠡᠪᠡ᠃ | | | | | | 9 ᠰᠠᠷ᠎ᠠ ᠶᠢᠨ 29 ᠤ ᠣᠷᠣᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠬᠯᠠᠯᠳᠠ ᠪᠡᠭᠡᠵᠢᠩ ᠳᠤ ᠶᠠᠪᠤᠭᠳᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | | ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠥᠨ ᠤ ᠶᠣᠰᠣᠯᠠᠯ ᠤᠨ ᠲᠠᠩᠬᠢᠮ ᠳᠤ ᠥᠩᠭᠡᠲᠦ ᠳ᠋ᠧᠩ | ᠳᠤᠸᠠᠯᠠᠵᠤ᠂ ᠪᠠᠶᠠᠷ ᠭᠦᠷ ᠢᠶᠠᠷ ᠪᠢᠯᠬᠠᠨ᠎ᠠ᠃ 19 ᠴᠠᠭ 55 ᠮᠢᠨᠦ᠋ᠲ ᠲᠤ ᠪᠠᠶᠠᠰᠬᠤᠯᠠᠩᠲᠤ ᠰᠠᠶᠢᠬᠠᠨ ᠠᠶ᠎ᠠ ᠳᠤᠮᠳᠠ᠂ | ᠰᠢ ᠶᠢᠨ ᠫᠢᠩ ᠵᠡᠷᠭᠡ ᠤᠳᠤᠷᠢᠳᠬᠤ ᠨᠥᠬᠦᠳ ᠶᠣᠰᠣᠯᠠᠯ ᠤᠨ ᠲᠠᠩᠬᠢᠮ ᠳᠤ ᠠᠯᠬᠤᠨ ᠣᠷᠣᠵᠤ᠂ ᠴᠥᠭᠡᠨ ᠲᠣᠭᠠᠲᠤ | ᠦᠨᠳᠦᠰᠦᠲᠡᠨ ᠤ ᠲᠥᠯᠥᠭᠡᠯᠡᠭᠴᠢ᠂ ᠠᠬᠠᠮᠠᠳ ᠨᠥᠬᠦᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠬᠤ ᠳᠤ᠂ | ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠠᠰᠢᠪᠠ᠃ | ᠲᠤᠬᠠᠢ ᠶᠢᠨ ᠲᠠᠯᠠᠪᠠᠢ ᠳᠤ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ | ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ | ᠬᠠᠩᠭᠢᠨᠠᠲᠠᠯ᠎ᠠ ᠳᠠᠭᠤᠯᠠᠪᠠ᠃ | ︽ᠡᠨᠡ ᠡᠳᠦᠷ ᠪᠣᠯ ᠲᠠᠨ ᠤ ᠲᠥᠷᠥᠭᠰᠡᠨ ᠡᠳᠦᠷ ᠮᠥᠨ᠂ ᠳᠤᠮᠳᠠᠳᠤ ᠤᠯᠤᠰ ᠮᠢᠨᠢ ᠁︾ ᠭᠦᠨ ᠵᠤᠵᠠᠭᠠᠨ | ᠰᠡᠳᠬᠢᠯᠭᠡ ᠲᠠᠢ ᠠᠶ᠎ᠠ ᠶᠢ ᠳᠠᠭᠠᠯᠳᠤᠨ ᠲᠣᠬᠯᠠᠯᠲᠠ ᠡᠬᠢᠯᠡᠪᠡ᠃ ᠲᠣᠬᠯᠠᠯᠲᠠ ᠨᠢ ᠣᠷᠣᠰᠢᠯ ᠬᠥᠭᠵᠢᠮ ᠪᠠ ᠲᠠᠪᠤᠨ | ᠬᠥᠭᠵᠢᠮ ᠤᠨ ᠪᠦᠯᠦᠭ ᠢ ᠪᠠᠭᠲᠠᠭᠠᠵᠤ᠂ ᠤᠳᠬ᠎ᠠ ᠤᠷᠠᠯᠢᠭ ᠤᠨ ᠠᠵᠢᠯᠲᠠᠳ ᠭᠤᠴᠣ ᠰᠠᠶᠢᠬᠠᠨ ᠭᠦᠭ ᠠᠶ᠎ᠠ᠂ ᠰᠡᠳᠬᠢᠯ | ᠬᠥᠳᠡᠯᠭᠡᠮ᠎ᠡ ᠳᠠᠭᠤᠤ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠲᠡᠦᠬᠡ ᠶᠢᠨ ᠰᠤᠳᠠᠰᠤ ᠶᠢ ᠳᠠᠭᠤᠤ ᠬᠥᠭᠵᠢᠮ ᠤᠨ ᠲᠤᠬᠯᠠᠯᠳᠠ ᠳᠤ ᠠᠭᠤᠰᠤᠯᠴᠠᠭᠤᠯᠵᠤ᠂ ᠰᠣᠩᠭᠤᠳᠠᠭ ᠳᠠᠭᠤᠤ | ᠬᠥᠭᠵᠢᠮ ᠤᠨ ᠪᠦᠲᠦᠭᠡᠯ ᠳᠠᠬᠢ ᠲᠡᠦᠬᠡ ᠪᠠ ᠴᠠᠭ ᠦᠶ᠎ᠡ ᠶᠢᠨ ᠳᠤᠷᠠᠰᠤᠮᠵᠢ ᠶᠢ ᠰᠡᠷᠭᠦᠭᠡᠪᠡ᠃ | ᠦᠯᠢᠶᠡᠪᠦᠷᠢ ᠴᠢᠪᠬᠠᠳᠠᠰᠤᠨ ᠤ ᠬᠥᠭᠵᠢᠮ ︽ᠨᠢᠭᠡᠳᠦᠭᠡᠷ ᠨᠠᠶᠢᠷᠠᠯ ᠠᠶ᠎ᠠ ᠶᠢᠨ ᠣᠷᠣᠰᠢᠯ ᠬᠥᠭᠵᠢᠮ︾᠂ ᠨᠠᠶᠢᠷᠠᠯ | ᠳᠠᠭᠤᠤ ︽ᠬᠠᠲᠤᠨ ᠭᠤᠣᠯ ᠤᠨ ᠨᠠᠶᠢᠷᠠᠯ ᠳᠠᠭᠤᠤ︾ ᠨᠢ ᠣᠮᠤᠭ ᠲᠡᠭᠦᠯᠳᠡᠷ ᠪᠠᠶᠢᠵᠤ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠦᠶ᠎ᠡ ᠳᠤ ᠳᠤᠮᠳᠠᠳᠤ ᠤᠯᠤᠰ ᠤᠨ ᠠᠷᠠᠳ ᠲᠦᠮᠡᠨ ᠤ ᠴᠢᠰᠤᠲᠤ ᠪᠠᠶᠢᠯᠳᠤᠭᠠᠨ ᠬᠢᠵᠦ᠂ ᠨᠤᠭᠤᠷᠠᠰᠢ | ᠦᠭᠡᠢ ᠲᠡᠮᠡᠴᠡᠵᠦ᠂ ᠨᠠᠮ ᠤᠨ ᠤᠳᠤᠷᠢᠳᠤᠯᠭ᠎ᠠ ᠳᠣᠣᠷ᠎ᠠ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠰᠢᠨ᠎ᠡ ᠳᠤᠮᠳᠠᠳᠤ | ᠤᠯᠤᠰ ᠢ ᠪᠠᠶᠢᠭᠤᠯᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠭᠦᠢᠴᠡᠳ ᠬᠠᠷᠠᠭᠤᠯᠪᠠ᠃ ︽ᠡᠬᠡ ᠤᠯᠤᠰ ᠤᠨ | ᠮᠠᠭᠲᠠᠭᠠᠯ ᠳᠠᠭᠤᠤ︾ ᠨᠢ ᠢᠳᠡ ᠬᠦᠴᠦᠲᠡᠢ ᠪᠥᠭᠡᠳ ᠭᠦᠷ ᠪᠠᠶᠠᠷ ᠲᠠᠢ᠂ ︽ᠡᠯᠪᠡᠭ ᠬᠤᠷᠢᠶᠠᠯᠲᠠ ᠶᠢᠨ ᠳᠠᠭᠤᠤ︾ ᠨᠢ | ᠪᠠᠶᠠᠷ ᠪᠠᠶᠠᠰᠬᠤᠯᠠᠩ ᠲᠠᠢ ᠪᠠᠶᠢᠵᠤ᠂ 2 ᠦᠯᠢᠶᠡᠪᠦᠷᠢ ᠴᠢᠪᠬᠠᠳᠠᠰᠤᠨ ᠤ ᠬᠥᠭᠵᠢᠮ ᠨᠢ ᠨᠡᠶᠢᠭᠡᠮ ᠵᠢᠷᠤᠮᠲᠤ ᠬᠤᠪᠢᠰᠬᠠᠯ | ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠥᠪᠡᠷ ᠤᠨ ᠬᠦᠴᠦ ᠪᠠᠷ ᠢᠶᠠᠨ ᠳᠡᠭᠵᠢᠷᠡᠵᠦ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠭᠰᠠᠨ ᠮᠠᠷᠲᠠᠭᠳᠠᠰᠢ ᠦᠭᠡᠢ ᠣᠨ ᠰᠠᠷ᠎ᠠ ᠶᠢ ᠲᠠᠭᠢᠨ ᠡᠷᠭᠢᠴᠡᠭᠦᠯᠵᠦ᠂ ᠲᠤᠬᠠᠢ ᠶᠢᠨ | ᠲᠠᠯᠠᠪᠠᠢ ᠶᠢᠨ ᠦᠵᠡᠭᠴᠢᠳ ᠤᠨ ᠴᠢᠩᠭ᠎ᠠ ᠴᠤᠤᠷᠢᠶᠠᠲᠤᠯ ᠢ ᠣᠯᠣᠭᠰᠠᠨ ᠪᠠᠶᠢᠨ᠎ᠠ᠃ ᠦᠯᠢᠶᠡᠪᠦᠷᠢ ᠴᠢᠪᠬᠠᠳᠠᠰᠤᠨ ᠤ | ᠬᠥᠭᠵᠢᠮ ︽ᠪᠡᠭᠡᠵᠢᠩ ᠤᠨ ᠪᠠᠶᠠᠷ ᠤᠨ ᠴᠢᠮᠡᠭᠡ ᠬᠢᠯᠢ ᠬᠢᠵᠠᠭᠠᠷ ᠣᠷᠣᠨ ᠳᠤ ᠭᠦᠷᠦᠯ᠎ᠡ︾᠂ ᠦᠨᠳᠦᠰᠦᠲᠡᠨ ᠤ | ᠬᠥᠭᠵᠢᠮ ᠤᠨ ᠬᠠᠮᠲᠤᠷᠠᠨ ᠬᠥᠭᠵᠢᠮᠳᠡᠭᠰᠡᠨ ︽ᠲᠠᠩᠰᠤᠭ ᠰᠠᠶᠢᠬᠠᠨ ᠨᠠᠶᠢᠷᠠᠯ ᠬᠥᠭᠵᠢᠮ︾ ᠨᠢ ᠠᠳᠠᠯᠢ ᠪᠤᠰᠤ ᠦᠨᠳᠦᠰᠦᠲᠡᠨ | ᠠᠳᠠᠯᠢ ᠪᠤᠰᠤ ᠭᠠᠵᠠᠷ ᠣᠷᠣᠨ ᠤ ᠥᠪᠡᠷᠮᠢᠴᠡ ᠠᠶᠠᠰ ᠲᠠᠢ ᠠᠭᠤᠰᠤᠯᠴᠠᠨ᠂ ᠢᠷᠠᠭᠤ ᠰᠠᠶᠢᠬᠠᠨ ᠭᠦᠭ ᠠᠶᠠᠰ ᠢᠶᠠᠷ ᠡᠬᠡ | ᠤᠯᠤᠰ ᠤᠨ ᠠᠭᠤᠯᠠ ᠤᠰᠤ ᠪᠠ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠳᠠᠭᠤᠯᠠᠪᠠ᠃ ᠨᠠᠶᠢᠷᠠᠯ ᠳᠠᠭᠤᠤ | ︽ᠬᠦᠰᠡᠯᠡᠩᠲᠦ ᠲᠠᠯ᠎ᠠ ᠨᠤᠲᠤᠭ︾᠂ ᠦᠯᠢᠶᠡᠪᠦᠷᠢ ᠴᠢᠪᠬᠠᠳᠠᠰᠤᠨ ᠤ ᠬᠥᠭᠵᠢᠮ ︽ᠵᠠᠯᠠᠭᠤᠴᠤᠳ ᠤᠨ ᠸᠠᠯᠼ︾ ᠤᠨ ᠭᠦᠭ | ᠠᠶᠠᠯᠭᠤ ᠨᠢ ᠢᠷᠠᠭᠤ ᠤᠶᠠᠩᠭᠠᠯᠢᠭ᠂ ᠬᠥᠩᠭᠡᠨ ᠴᠣᠪᠣᠭᠤᠯᠢᠭ ᠪᠠᠶᠢᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ | ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠦᠵᠡᠯ ᠰᠠᠨᠠᠭ᠎ᠠ ᠪᠠᠨ ᠴᠢᠯᠦᠭᠡᠯᠡᠨ᠂ ᠡᠷᠡᠰ ᠰᠢᠭᠤᠷᠬᠠᠢ ᠪᠠᠷ | ᠤᠷᠤᠭᠰᠢᠯᠠᠨ ᠳᠠᠪᠰᠢᠬᠰᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠵᠢᠷᠤᠭᠯᠠᠵᠠᠢ᠃ | 75 ᠵᠢᠯ ᠰᠠᠯᠬᠢ ᠪᠣᠷᠣᠭᠠᠨ ᠢ ᠰᠥᠷᠴᠦ᠂ 75 ᠵᠢᠯ ᠡᠷᠡᠮᠡᠬᠡᠶᠢᠯᠡᠨ ᠤᠷᠤᠭᠰᠢᠯᠠᠪᠠ᠃ ᠪᠦᠭᠦ᠋ᠢᠯᠡ ᠳᠠᠭᠤᠤ | ᠬᠥᠭᠵᠢᠮ ᠤᠨ ᠦᠳᠡᠰᠢᠯᠡᠭᠡ ᠨᠢ ᠭᠦᠷ ᠨᠠᠷᠭᠢᠶᠠᠨ ᠢᠶᠠᠷ ᠪᠢᠯᠬᠠᠵᠤ᠂ ᠬᠥᠭᠵᠢᠶᠡᠨ ᠲᠠᠢ ᠰᠠᠶᠢᠬᠠᠨ ᠶᠠᠪᠤᠭᠳᠠᠪᠠ᠃ ᠲᠡᠭᠦᠯᠳᠡᠷ | ᠬᠤᠭᠤᠷ ᠪᠣᠯᠣᠨ ᠬᠥᠭᠵᠢᠮ ᠤᠨ ᠠᠩᠭᠢ ᠤᠷᠮ᠎ᠠ ᠵᠣᠷᠢᠭ ᠢ ᠬᠥᠭᠵᠢᠭᠡᠭᠰᠡᠨ ︽ᠰᠢᠨ᠎ᠡ ᠶᠢᠷᠲᠢᠨᠴᠦ︾ ᠶᠢ ᠬᠥᠭᠵᠢᠮᠳᠡᠵᠦ᠂ | ᠦᠯᠢᠶᠡᠪᠦᠷᠢ ᠴᠢᠪᠬᠠᠳᠠᠰᠤᠨ ᠤ ᠬᠥᠭᠵᠢᠮ ︽ᠠᠭᠤᠯᠠ ᠤᠰᠤ ᠵᠢᠷᠤᠭ ᠮᠡᠲᠦ︾ ᠨᠢ ᠭᠦᠨ ᠵᠤᠵᠠᠭᠠᠨ ᠬᠠᠶᠢᠷ᠎ᠠ ᠰᠡᠳᠬᠢᠯᠭᠡ | ᠭᠦᠨ ᠠᠭᠤᠯᠵᠤ᠂ ᠨᠠᠶᠢᠷᠠᠯ ᠳᠠᠭᠤᠤ ︽ᠰᠢᠨ᠎ᠡ ᠠᠶᠠᠨ︾ ᠨᠢ ᠣᠮᠤᠭ ᠵᠢᠪᠬᠤᠭ᠎ᠠ ᠶᠢ ᠢᠯᠡᠷᠡᠭᠦᠯᠵᠦ᠂ ᠴᠠᠭ ᠦᠶ᠎ᠡ ᠶᠢᠨ | ᠳᠠᠭᠤᠤ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠥᠪᠡᠷ ᠢ ᠪᠠᠨ ᠢᠲᠡᠭᠡᠵᠦ | ᠥᠪᠡᠷ ᠢ ᠪᠠᠨ ᠬᠦᠴᠦᠷᠬᠡᠭᠵᠢᠭᠦᠯᠬᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠣᠶᠤᠨ ᠰᠠᠨᠠᠭᠠᠨ ᠤ ᠳᠦᠷᠰᠦ | ᠪᠠᠶᠢᠳᠠᠯ ᠢ ᠬᠠᠷᠠᠭᠤᠯᠵᠤ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ︽ᠲᠠᠪᠤᠨ ᠣᠳᠣᠲᠤ ᠤᠯᠠᠭᠠᠨ | ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠂ ᠢᠯᠠᠯᠲᠠ ᠶᠢᠨ ᠳᠠᠭᠤᠤ ᠬᠡᠴᠢᠨᠡᠨ ᠬᠠᠩᠭᠢᠨᠠᠮ᠎ᠠ ᠪᠤᠢ︕︾ ᠬᠡᠮᠡᠨ ᠲᠠᠯᠠᠪᠠᠢ | ᠳᠠᠶᠠᠭᠠᠷ ᠢᠶᠠᠨ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠬᠤ ᠶᠢ ᠳᠠᠭᠠᠯᠳᠤᠨ᠂ | ᠳᠠᠭᠤᠤ ᠬᠥᠭᠵᠢᠮ ᠤᠨ ᠦᠳᠡᠰᠢᠯᠡᠭᠡ ᠥᠨᠳᠥᠷᠯᠡᠪᠡ᠃ | ᠲᠥᠪ ᠤᠨ ᠨᠠᠮ ᠵᠠᠰᠠᠭ ᠴᠡᠷᠢᠭ ᠣᠯᠠᠨ ᠲᠦᠮᠡᠨ ᠤ ᠪᠦᠯᠭᠦᠮ ᠤᠨ ᠡᠯ᠎ᠡ ᠰᠠᠯᠠᠭ᠎ᠠ ᠮᠥᠴᠢᠷ ᠪᠠ ᠪᠡᠭᠡᠵᠢᠩ ᠬᠤᠲᠠ ᠶᠢᠨ | ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾᠂ ︽ᠨᠥᠬᠦᠷᠯᠡᠯ ᠤᠨ ᠭᠠᠪᠢᠶᠠᠨ ᠲᠡᠮᠳᠡᠭ︾ | ︽7 · 1 ᠤ ᠭᠠᠪᠢᠶᠠᠨ ᠲᠡᠮᠳᠡᠭ︾᠂ ︽8 · 1 ᠤ ᠭᠠᠪᠢᠶᠠᠨ ᠲᠡᠮᠳᠡᠭ︾ ᠪᠣᠯᠣᠨ ᠤᠯᠤᠰ ᠤᠨ ᠢᠷᠠᠭᠤ ᠠᠯᠳᠠᠷ ᠤᠨ | ᠴᠣᠯᠠ ᠬᠦᠷᠲᠡᠭᠰᠡᠳ ᠤᠨ ᠲᠥᠯᠥᠭᠡᠯᠡᠭᠴᠢ᠂ ᠪᠦᠭᠦ ᠤᠯᠤᠰ ᠤᠨ ᠲᠡᠷᠢᠭᠦᠨ ᠤ ᠵᠢᠱᠢᠶᠡᠴᠢ᠂ ᠪᠦᠭᠦ ᠤᠯᠤᠰ ᠤᠨ | ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠤᠨ ᠲᠥᠯᠥᠭᠡᠯᠡᠭᠴᠢ᠂ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠲᠣᠭᠤᠷᠢᠨ ᠦᠵᠡᠬᠦ ᠪᠦᠯᠭᠦᠮ ᠤᠨ ᠪᠦᠷᠢᠯᠳᠦᠭᠦᠨ᠂ ᠠᠬᠠᠮᠠᠳ ᠨᠥᠬᠦᠳ ᠤᠨ ᠲᠥᠯᠥᠭᠡᠯᠡᠭᠴᠢ᠂ ᠰᠢᠶᠠᠩᠭᠠᠩ ᠣᠣᠮᠧᠨ ᠤ | ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠵᠢᠴᠢ | ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢ᠂ ᠪᠡᠭᠡᠵᠢᠩ ᠳᠤ | ᠰᠠᠭᠤᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ | ᠲᠥᠯᠥᠭᠡᠯᠡᠭᠴᠢ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ᠂ ᠳᠤᠮᠳᠠᠳᠤ ᠤᠯᠤᠰ ᠲᠤ | ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ᠂ ᠡᠯ᠎ᠡ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ | ᠤᠯᠤᠰ ᠲᠤ ᠰᠠᠭᠤᠭ᠎ᠠ ᠲᠥᠯᠥᠭᠡᠯᠡᠭᠴᠢ ᠪᠣᠯᠣᠨ ᠳᠤᠮᠳᠠᠳᠤ ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠲᠤᠰᠬᠠᠢ | ᠮᠡᠷᠭᠡᠵᠢᠯᠲᠡᠨ ᠤ ᠲᠥᠯᠥᠭᠡᠯᠡᠭᠴᠢ ᠨᠠᠷ ᠲᠣᠬᠯᠠᠯᠲᠠ ᠶᠢ ᠰᠣᠨᠢᠷᠬᠠᠪᠠ᠃ |