ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/9/8
     9 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠬᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠳᠡᠭᠡᠷ᠎ᠡ᠂ ᠠᠶᠢᠮᠠᠭ ᠤᠨ ᠤᠳᠤᠷᠢᠳᠤᠯᠭ᠎ᠠ ᠵᠤᠤ ᠬᠤᠢ᠂ ᠵᠠᠩ ᠢ᠂ ᠵᠠᠩ ᠰᠢᠶᠣᠣ ᠵᠢᠶᠦ᠋ᠨ᠂ ᠰᠦᠨ ᠰᠢᠩ ᠢᠦᠢ᠂ ᠰᠦᠨ ᠵᠧᠨ ᠵᠢᠶᠠᠩ ᠲᠠᠷᠠᠭᠠᠯᠠᠨ ᠰᠠᠨᠠᠯ ᠢᠶᠠᠨ ᠰᠤᠯᠢᠯᠴᠠᠬᠤ ᠦᠬᠡ ᠬᠡᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠤᠰᠤᠳ ᠪᠦᠷᠢᠯᠳᠦᠭᠦᠨ ᠪᠢᠴᠢᠭ ᠤᠨ ᠬᠡᠯᠪᠡᠷᠢ ᠶᠢᠨ ᠶᠠᠷᠢᠶᠠᠨ ᠤ ᠮᠠᠲ᠋ᠧᠷᠢᠶᠠᠯ ᠢᠶᠠᠨ ᠲᠤᠰᠢᠶᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠡᠭᠦᠨ ᠤ ᠭᠦᠨ ᠭᠦᠨᠵᠡᠭᠡᠢ ᠴᠢᠬᠤᠯᠠ ᠠᠭᠤᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠬᠦ᠂ ᠮᠡᠳᠡᠷᠡᠮᠵᠢ ᠲᠠᠨᠢᠯᠲᠠ ᠪᠠᠨ ᠨᠡᠮᠡᠭᠳᠡᠭᠦᠯᠬᠦ᠂ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠬᠤ᠂ ᠪᠠᠷᠢᠮᠵᠢᠶ᠎ᠠ ᠲᠠᠢ ᠬᠠᠷᠭᠤᠭᠤᠯᠤᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠠᠢ᠃                                                       ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号