ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/1/14
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠳᠡᠭᠡᠷ᠎ᠡ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠦᠭᠡ ᠬᠡᠯᠡᠵᠡᠢ᠃ ᠰᠦᠨ ᠱᠤᠤ ᠴᠧᠩ ᠮᠠᠨ ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠣᠯᠳᠠ ᠪᠠᠨ ᠴᠥᠬᠦᠷᠡᠰᠢ ᠦᠭᠡᠢ ᠠᠬᠢᠭᠤᠯᠤᠭᠰᠠᠨ ᠥᠩᠭᠡᠷᠡᠯᠲᠡ ᠶᠢ ᠡᠷᠭᠢᠴᠡᠭᠦᠯᠵᠦ᠂ ᠣᠶᠢᠷ᠎ᠠ ᠶᠢᠨ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠬᠢᠳᠡᠯ ᠪᠠ ᠦᠷ᠎ᠡ ᠪᠦᠲᠦᠮᠵᠢ ᠶᠢ ᠳ᠋ᠦᠩᠨᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠳᠣᠲᠣᠭᠠᠳᠤ ᠭᠠᠳᠠᠭᠠᠳᠤ ᠰᠢᠯᠲᠠᠭᠠᠨ ᠢ ᠭᠦᠨᠵᠡᠭᠡᠢ ᠵᠠᠳᠠᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠴᠠᠢ᠃      ᠰᠦᠨ ᠱᠤᠤ ᠴᠧᠩ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠡᠷᠬᠡᠪᠰᠢ ᠵᠥᠪ ᠪᠤᠷᠤᠭᠤ ᠬᠤᠶᠠᠷ ᠲᠠᠯ᠎ᠠ ᠠᠴᠠ ᠬᠠᠮᠵᠢᠯᠴᠠᠨ ᠬᠦᠴᠦᠯᠡᠵᠦ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠷ ᠳᠠᠮᠵᠢᠭᠤᠯᠤᠨ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠠᠨᠠᠭᠠᠴᠢᠯᠠᠭ᠎ᠠ ᠠᠴᠠ ᠪᠠᠨ ︽ᠪᠡᠶ᠎ᠡ ᠪᠠᠨ ᠪᠠᠷᠢᠬᠤ︾ ᠶᠢ ᠴᠢᠩᠭᠠᠳᠬᠠᠵᠤ᠂ ︽ᠱᠠᠭᠠᠷᠳᠠᠭᠤᠯᠬᠤ︾ ᠶᠢ ᠢᠳᠡᠪᠬᠢᠲᠡᠢ ᠪᠠᠷ ᠭᠥᠯᠢᠶᠡᠨ ᠠᠪᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠬᠥᠮᠦᠵᠢᠯ ᠢ ᠰᠤᠯᠠᠷᠠᠭᠤᠯᠤᠯ ᠦᠭᠡᠢ ᠪᠠᠶᠢᠩᠭᠤ ᠠᠳᠬᠤᠵᠤ᠂ ︽ ᠨᠢᠭᠡᠳᠦᠭᠡᠷ  ᠬᠠᠷᠢᠭᠤᠴᠠᠯᠭᠠᠲᠠᠨ  ︾᠂ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠬᠦ ᠺᠠᠳ᠋ᠷ ᠵᠡᠷᠭᠡ ᠭᠤᠣᠯᠳᠠᠯᠭ᠎ᠠ ᠲᠠᠢ ᠬᠥᠮᠥᠰ ᠢ ᠲᠣᠪᠤᠶᠢᠯᠭᠠᠨ᠂ ᠭᠡᠷ ᠤᠨ ᠰᠤᠷᠲᠠᠯ ᠭᠡᠷ ᠤᠨ ᠬᠥᠮᠦᠵᠢᠯ ᠭᠡᠷ ᠤᠨ ᠰᠤᠷᠭᠠᠯ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠨ᠂ ᠬᠥᠮᠥᠰ ᠤᠨ ᠲᠠᠷᠢᠬᠢ ᠲᠣᠯᠣᠭᠠᠢ ᠳᠤ ᠰᠠᠬᠢᠯᠭ᠎ᠠ ᠪᠠᠲᠤ ᠶᠣᠰᠣ ᠳᠦᠷᠢᠮ ᠤᠨ ︽ᠵᠠᠮ ᠤᠨ ᠳᠤᠭᠢᠶᠠᠨ ᠤ ᠳ᠋ᠧᠩ︾ ᠲᠠᠭᠠᠷᠠᠭᠤᠯᠬᠤ ᠬᠡᠷᠡᠭᠲᠡᠢ᠃ ᠬᠢᠨᠠᠯᠲᠠ ᠲᠠᠯᠪᠢᠬᠤ ᠳᠤ ᠪᠠᠨ ᠤᠴᠢᠷ ᠶᠠᠪᠤᠳᠠᠯ ᠢ ᠡᠷᠲᠡ ᠠᠴᠠ ᠪᠣᠳᠣᠯᠬᠢᠯᠠᠵᠤ᠂ ︽ᠭᠠᠵᠢᠭᠤ ᠪᠤᠷᠤᠭᠤ ᠶᠢ ᠦᠵᠡᠵᠦ ᠴᠢᠳᠠᠬᠤ ᠦᠭᠡᠢ︾ ᠪᠠᠶᠢᠬᠤ ᠨᠠᠷᠢᠨ ᠬᠢᠨᠠᠮᠠᠭᠠᠢ ᠡᠷᠴᠢ ᠵᠣᠷᠢᠭ ᠢᠶᠠᠷ᠂ ᠡᠷᠬᠡ ᠲᠥᠪᠯᠡᠷᠡᠭᠰᠡᠨ᠂ ᠪᠡᠯᠡ ᠮᠥᠩᠭᠦ ᠲᠥᠪᠯᠡᠷᠡᠭᠰᠡᠨ᠂ ᠡᠬᠢ ᠪᠠᠶᠠᠯᠢᠭ ᠲᠥᠪᠯᠡᠷᠡᠭᠰᠡᠨ ᠬᠦᠷᠢᠶ᠎ᠡ ᠪᠣᠯᠣᠨ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠤᠴᠢᠷ ᠶᠠᠪᠤᠳᠠᠯ ᠢ ᠴᠢᠩᠭ᠎ᠠ ᠠᠩᠬᠠᠷᠴᠤ᠂ ᠣᠨᠳᠣᠣ ᠭᠠᠵᠠᠷ ᠲᠤ ᠪᠠᠶᠢᠴᠠᠭᠠᠬᠤ᠂ ᠲᠡᠰ ᠳᠡᠪᠰᠢᠭᠦᠯᠦᠨ ᠬᠢᠨᠠᠯᠲᠠ ᠲᠠᠯᠪᠢᠬᠤ ᠵᠡᠷᠭᠡ ᠲᠣᠭᠲᠠᠴᠠ ᠶᠢ ᠪᠦᠷᠢᠨᠰᠢᠭᠦᠯᠵᠦ᠂ ᠠᠰᠠᠭᠤᠳᠠᠯ ᠢ ᠢᠯᠡᠷᠡᠭᠦᠯᠵᠦ᠂ ᠬᠠᠨᠳᠤᠰᠢ ᠶᠢ ᠡᠵᠡᠮᠳᠡᠵᠦ᠂ ︽ᠭᠠᠷ ᠢᠶᠠᠨ ᠪᠢᠲᠡᠭᠡᠢ ᠰᠤᠩᠭ᠎ᠠ᠂ ᠰᠤᠩᠭᠠᠪᠠᠯ ᠯᠠᠪᠲᠠᠢ ᠪᠠᠷᠢᠭᠳᠠᠬᠤ︾ ᠰᠦᠷᠳᠡᠭᠦᠯᠦᠯ ᠢ ᠴᠢᠩᠭᠠᠳᠬᠠᠬᠤ ᠬᠡᠷᠡᠭᠲᠡᠢ᠃ ᠠᠷᠢᠭᠤᠨ ᠴᠢᠬᠡᠴᠢ ᠶᠢᠨ ᠰᠣᠶᠣᠯ ᠤᠨ ᠪᠠᠶᠢᠭᠤᠯᠤᠯᠲᠠ ᠶᠢ ᠴᠠᠭ ᠲᠤᠬᠠᠢ ᠳᠤ ᠨᠢ ᠰᠠᠶᠢᠲᠤᠷ ᠬᠢᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠡᠭᠠᠨ ᠥᠷᠨᠢᠭᠦᠯᠬᠦ ᠯᠦᠭᠡ ᠤᠶᠠᠯᠳᠤᠭᠤᠯᠤᠨ᠂ ᠰᠠᠬᠢᠯᠭ᠎ᠠ ᠪᠠᠲᠤ ᠶᠢ ᠰᠠᠬᠢᠬᠤ ᠪᠠᠷ ᠢᠷᠠᠭᠤ ᠠᠯᠳᠠᠷ ᠢᠶᠠᠨ ᠪᠣᠯᠭᠠᠭᠰᠠᠨ᠂ ᠰᠠᠬᠢᠯᠭ᠎ᠠ ᠪᠠᠲᠤ ᠶᠢ ᠵᠦᠷᠢᠴᠡᠪᠡᠰᠦ ᠢᠴᠢᠭᠦᠷᠢ ᠭᠤᠲᠤᠮᠰᠢᠭ ᠲᠠᠢ ᠭᠡᠰᠡᠨ ᠨᠡᠶᠢᠭᠡᠮ ᠤᠨ ᠠᠭᠤᠷ ᠠᠮᠢᠰᠬᠤᠯ ᠢ ᠪᠦᠭᠦ ᠲᠠᠯ᠎ᠠ ᠪᠠᠷ ᠪᠤᠢ ᠪᠤᠯᠭᠠᠬᠤ ᠬᠡᠷᠡᠭᠲᠡᠢ᠃ ᠬᠥᠮᠦᠵᠢᠯ ᠬᠢᠵᠠᠭᠠᠷᠯᠠᠯ ᠪᠣᠯᠣᠨ ᠪᠠᠲᠤᠯᠠᠭ᠎ᠠ ᠵᠣᠷᠢᠭᠵᠢᠭᠤᠯᠤᠯ ᠢ ᠵᠡᠷᠭᠡ ᠳᠤ ᠨᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠪᠠᠶᠢᠭᠠᠳ ︽ᠨᠠᠮ ᠤᠨ ᠰᠠᠬᠢᠯᠭ᠎ᠠ ᠪᠠᠲᠤ ᠪᠣᠯᠣᠨ ᠠᠵᠢᠯ ᠬᠢᠵᠦ ᠦᠢᠯᠡᠰ ᠪᠣᠰᠬᠠᠬᠤ ᠪᠣᠯ ᠳᠣᠲᠣᠭᠠᠳᠤ ᠳᠤ ᠪᠠᠨ ᠨᠢᠭᠡᠳᠦᠯᠲᠡᠢ ᠪᠠᠶᠢᠳᠠᠭ︾ ᠭᠡᠳᠡᠭ ᠢ ᠭᠦᠨᠵᠡᠭᠡᠢ ᠲᠠᠨᠢᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠪᠣᠯᠣᠨ ᠵᠠᠭᠠᠭ ᠬᠢᠵᠠᠭᠠᠷ ᠢ ᠴᠢᠩᠭ᠎ᠠ ᠰᠠᠬᠢᠭᠰᠠᠨ ᠤᠷᠢᠲᠠᠯ ᠳᠣᠣᠷ᠎ᠠ ᠨᠡᠩ ᠰᠠᠶᠢᠲᠤᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠥᠬᠦᠳ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠪᠦᠭᠦ ᠣᠷᠣᠨ ᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠤᠳᠤᠷᠢᠳᠤᠭᠴᠢ᠂ ᠭᠦᠢᠴᠡᠳᠭᠡᠭᠴᠢ᠂ ᠠᠬᠢᠭᠤᠯᠤᠭᠴᠢ ᠪᠤᠯᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号