ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠥᠪᠯᠡᠷᠡᠩᠭᠦᠢ ᠰᠤᠷᠤᠯᠴᠠᠯᠭ᠎ᠠ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/1/14
     1 ᠰᠠᠷ᠎ᠠ ᠶᠢᠨ 10 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠥᠪᠯᠡᠷᠡᠩᠭᠦᠢ ᠰᠤᠷᠤᠯᠴᠠᠯᠭ᠎ᠠ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠦᠸᠧ ᠢᠦᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠨᠠᠷ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠦ᠂ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠶᠢᠯᠠᠭᠠᠯᠲᠠ ᠲᠠᠨᠢᠯᠲᠠ ᠪᠠᠨ ᠶᠠᠷᠢᠵᠦ᠂ ᠠᠰᠠᠭᠤᠳᠠᠯ ᠠᠷᠭ᠎ᠠ ᠬᠡᠮᠵᠢᠶ᠎ᠡ ᠪᠠᠨ ᠲᠤᠰᠬᠠᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠤᠷᠤᠭᠰᠢᠲᠠᠢ ᠬᠤᠷᠠᠯᠳᠤᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ ᠪᠦᠷᠢᠯᠳᠦᠭᠦᠨ ᠨᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ ᠳᠦᠷᠦᠭᠦᠨ ᠳᠤ ᠶᠠᠪᠤᠵᠦ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠤᠨ᠂ ᠦᠢᠯᠡ ᠠᠵᠢᠯᠯᠠᠭ᠎ᠠ ᠳᠠᠭᠠᠨ ᠢᠯᠡᠷᠡᠬᠦᠯᠬᠦ ᠬᠡᠷᠡᠭᠲᠡᠢ᠃ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠵᠥᠪ ᠡᠷᠬᠡ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠭᠦᠢᠴᠡᠳᠬᠡᠠ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠲᠠᠯ᠎ᠠ ᠪᠠᠷ ᠬᠤᠰᠢᠭᠤᠴᠢ ᠪᠣᠯᠵᠤ᠂ ᠲᠦᠷᠦᠭᠦᠯᠡᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠠ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠴᠢᠩᠭ᠎ᠠ ᠠᠳᠬᠤᠨ ᠲᠦᠷᠭᠡᠨ ᠭᠦᠢᠴᠡᠳᠬᠡᠵᠦ  ︽ᠵᠢᠷᠭᠤᠭᠠᠨ ᠠᠵᠢᠯᠯᠠᠭ᠎ᠠ︾ ᠵᠡᠷᠭᠡ ᠶᠡᠭᠡ ᠲᠠᠯ᠎ᠠ ᠳᠤ ᠬᠤᠯᠪᠣᠭᠳᠠᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠲᠠᠯ᠎ᠠ ᠪᠠᠷ ᠬᠡᠪ ᠳᠠᠭᠤᠷᠢᠶᠠᠯ ᠦᠵᠡᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠭᠦᠨᠵᠡᠭᠡᠢ ᠠᠬᠢᠭᠤᠯᠵᠦ᠂ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠤᠨᠴᠠᠯᠢᠭ ᠪᠣᠯᠭᠠᠬᠤ ᠬᠡᠷᠡᠭᠲᠡᠢ ᠭᠡᠵᠠᠢ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号