︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ︾ ᠢ ᠨᠡᠶᠢᠲᠡᠯᠡᠪᠡ᠃ ᠡᠨᠡ ᠪᠣᠯ ᠮᠠᠨ ᠤ ᠤᠯᠤᠰ ᠠᠩᠬ᠎ᠠ ᠤᠳᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠠᠵᠢᠯ ᠤᠨ ᠲᠤᠬᠠᠶ | ᠰᠠᠨᠠᠯ ᠢ ᠳᠠᠷᠤᠮᠠᠯᠯᠠᠨ ᠲᠠᠷᠬᠠᠭᠠᠵᠤ ᠪᠠᠶᠢᠭ᠎ᠠ ᠶᠠᠪᠤᠳᠠᠯ ᠪᠣᠯᠤᠨ᠎ᠠ᠃ | ᠰᠠᠨᠠᠯ ᠳᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠦᠯᠵᠢᠶ᠎ᠡ᠂ ᠤᠶᠢᠯᠡᠴᠢᠯᠡᠭᠡᠨ ᠤ ᠬᠡᠯᠪᠡᠷᠢ | ᠵᠡᠷᠭᠡ ᠲᠠᠯ᠎ᠠ ᠪᠠᠷ ᠬᠠᠷᠠᠯᠲᠠ ᠪᠠ ᠠᠷᠭ᠎ᠠ ᠵᠠᠮ ᠳᠤᠷᠠᠳᠴᠤ᠂ 3 ᠳ᠋ᠦᠩᠰᠢᠭᠤᠷ ᠰᠢᠬᠠᠮ ᠨᠠᠰᠤᠲᠠᠶᠢᠴᠤᠳ ᠤᠨ | ᠥᠲᠡᠯᠦᠭᠡ ᠨᠠᠰᠤᠨ ᠳᠠᠭᠠᠨ ᠠᠰᠠᠷᠠᠮᠵᠢ ᠲᠠᠢ᠂ ᠵᠣᠯ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠶᠢ ᠨᠠᠩ | ᠰᠠᠶᠢᠲᠤᠷ ᠪᠠᠲᠤᠯᠠᠬᠤ ᠪᠤᠯᠤᠨ᠎ᠠ᠃ ᠡᠨᠡ ᠪᠣᠯ ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠪᠠᠶᠢᠳᠠᠯ᠂ ᠤᠯᠤᠰ | ᠣᠷᠣᠨ ᠤ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ᠂ ᠴᠢᠬᠤᠯᠠ ᠶᠠᠪᠤᠳᠠᠯ ᠮᠥᠨ᠃ | ᠰᠠᠨᠠᠯ ᠳᠤ ᠠᠩᠬ᠎ᠠ ᠤᠳᠠᠭ᠎ᠠ ᠮᠠᠨ ᠤ ᠤᠯᠤᠰ ᠤᠨ ᠤᠯᠤᠰ ᠤᠨ ᠪᠠᠶᠢᠳᠠᠯ ᠳᠤ ᠳᠣᠭᠢᠷᠠᠬᠤ ᠨᠠᠰᠤᠵᠢᠯ ᠤᠨ | ᠠᠰᠠᠷᠠᠮᠵᠢ ᠶᠢᠨ ᠤᠶᠢᠯᠡᠴᠢᠯᠡᠭᠡᠨ ᠤ ᠰᠢᠰᠲ᠋ᠧᠮ ᠨᠢ ᠶᠠᠭᠤ ᠪᠣᠯᠬᠤ ᠲᠤᠬᠠᠢ ᠲᠤᠳᠤᠷᠬᠠᠢ ᠬᠠᠷᠢᠭᠤᠯᠳᠠ ᠦᠭᠴᠡᠢ — | ᠲᠠᠰ ᠲᠥᠷᠥᠯ ᠬᠤᠪᠢᠶᠠᠵᠦ᠂ ᠲᠦᠭᠡᠮᠡᠯ ᠬᠠᠷᠠᠭᠠᠯᠵᠠᠯ ᠬᠦᠷᠳᠡᠭᠡᠬᠦ᠂ ᠬᠤᠲᠠ ᠬᠥᠳᠡᠭᠡ ᠶᠢ ᠬᠠᠮᠤᠷᠤᠭᠰᠠᠨ᠂ | ᠦᠷᠭᠦᠯᠵᠢᠯᠡᠨ ᠬᠥᠭᠵᠢᠬᠦ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠢᠰᠲ᠋ᠧᠮ ᠪᠤᠯᠤᠨ᠎ᠠ ᠬᠡᠪᠡ᠃ ᠰᠠᠨᠠᠯ ᠳᠤ | ᠠᠩᠬ᠎ᠠ ᠤᠳᠠᠭ᠎ᠠ ᠬᠤᠲᠠ ᠬᠥᠳᠡᠭᠡ ᠶᠢ ᠬᠠᠮᠤᠷᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡᠨ ᠤ ᠰᠦᠯᠵᠢᠶ᠎ᠡ ᠶᠢ ᠲᠦᠷᠭᠡᠨ ᠪᠦᠷᠢᠨᠰᠢᠬᠦᠯᠤᠨ᠎ᠠ ᠭᠡᠵᠦ ᠳᠤᠷᠠᠳᠴᠠᠶ — ᠰᠢᠶᠠᠨ ᠤ ᠱᠠᠲᠤᠨ ᠤ | ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠨᠢ ᠵᠢᠱᠢᠶ᠎ᠡ | ᠦᠵᠡᠭᠦᠯᠦᠨ ᠵᠢᠯᠣᠭᠤᠳᠬᠤ ᠵᠡᠷᠭᠡ ᠤᠶᠢᠯᠡᠳᠦᠯ ᠢᠶᠠᠨ ᠪᠠᠳᠠᠷᠠᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠲᠥᠪ ᠨᠢ ᠬᠦᠵᠰᠦ ᠪᠤᠯᠬᠤ | ᠤᠶᠢᠯᠡᠳᠦᠯ ᠢᠶᠠᠨ ᠪᠠᠳᠠᠷᠠᠭᠤᠯᠵᠤ᠂ ᠲᠣᠰᠬᠤᠨ ︵ᠨᠡᠶᠢᠭᠡᠮ ᠲᠣᠭᠤᠷᠢᠭ︶ ᠤ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡᠨ ᠤ ᠲᠥᠬᠦᠭᠡᠷᠦᠮᠵᠢ ᠥᠷᠲᠡᠭᠡ ᠴᠡᠭ ᠨᠢ ᠨᠠᠰᠤᠲᠠᠶᠢᠴᠤᠳ ᠲᠤ ᠣᠶᠢᠷᠠᠳᠬᠤ ᠳᠠᠪᠠᠭᠤᠯᠢᠭ ᠢᠶᠠᠨ | ᠪᠠᠳᠠᠷᠠᠭᠤᠯᠵᠤ᠂ ᠪᠦᠬᠦ᠋ᠢᠯᠡ ᠰᠢᠶᠠᠨ ︵ᠲᠣᠭᠤᠷᠢᠭ︶ ᠤ ᠬᠡᠪᠴᠢᠶᠡᠨ ᠳᠠᠬᠢ ᠨᠠᠰᠤᠵᠢᠯ ᠤᠨ ᠠᠰᠠᠷᠠᠮᠵᠢ ᠶᠢᠨ | ᠲᠥᠬᠦᠭᠡᠷᠦᠮᠵᠢ ᠶᠢ ᠴᠡᠭ ᠲᠠᠢ ᠬᠤᠯᠪᠣᠨ ᠰᠦᠯᠵᠢᠶᠡᠵᠢᠬᠦᠯᠵᠤ᠂ ᠦᠢᠯᠡᠴᠢᠯᠡᠭᠡ ᠶᠢ ᠨᠠᠩ ᠳᠥᠭᠦᠮ ᠳᠥᠲᠡ ᠪᠣᠯᠭᠠᠨ᠎ᠠ | ᠭᠡᠪᠡ᠃ | ᠰᠠᠨᠠᠯ ᠳᠤ ᠠᠩᠬ᠎ᠠ ᠤᠳᠠᠭ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠥᠷᠥᠯ ᠬᠤᠪᠢᠶᠠᠭᠰᠠᠨ | ᠥᠭᠡᠷᠡᠴᠢᠯᠡᠯᠲᠡ ᠶᠢᠨ ᠲᠤᠬᠠᠢ ᠲᠤᠷᠠᠳᠴᠠᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠦᠨᠳᠦᠰᠦᠨ | ᠵᠤᠶᠢᠯ ᠢ ᠪᠠᠲᠤᠯᠠᠬᠤ ᠬᠡᠯᠪᠡᠷᠢ ᠶᠢᠨ᠂ ᠲᠦᠭᠡᠮᠡᠯ ᠬᠠᠷᠠᠭᠠᠯᠵᠠᠯᠲᠤ ᠳᠡᠮᠵᠢᠯᠭᠡ ᠶᠢᠨ ᠬᠡᠯᠪᠡᠷᠢ ᠶᠢᠨ᠂ ᠪᠦᠷᠢᠨ ᠵᠠᠬ᠎ᠠ | ᠳᠡᠯᠭᠡᠭᠦᠷ ᠤᠨ ᠬᠡᠯᠪᠡᠷᠢ ᠶᠢᠨ ᠭᠡᠵᠦ ᠬᠤᠪᠢᠶᠠᠬᠤ ᠶᠢ ᠠᠩᠬ᠎ᠠ ᠤᠳᠠᠭ᠎ᠠ ᠲᠤᠳᠤᠷᠬᠠᠶᠢᠯᠠᠵᠤ᠂ ᠦᠨᠳᠦᠰᠦᠨ ᠵᠤᠶᠢᠯ ᠢ | ᠪᠠᠲᠤᠯᠠᠬᠤ ᠪᠠᠲᠤᠯᠠᠭ᠎ᠠ ᠲᠠᠢ᠂ ᠵᠠᠪᠠᠯ ᠤᠶᠢᠯᠡᠴᠢᠯᠡᠭᠡ ᠪᠠᠶᠢᠬᠤ᠂ ᠲᠦᠭᠡᠮᠡᠯ ᠬᠠᠷᠠᠭᠠᠯᠵᠠᠯᠲᠤ ᠬᠠᠩᠭᠠᠯᠭ᠎ᠠ ᠲᠠᠢ᠂ ᠵᠠᠬ᠎ᠠ | ᠳᠡᠯᠭᠡᠭᠦᠷ ᠤᠨ ᠰᠣᠩᠭᠤᠯᠲᠠ ᠲᠠᠢ ᠤᠶᠢᠯᠡᠴᠢᠯᠡᠭᠡᠨ ᠤ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠡ ᠬᠡᠪᠡ᠃ | |