ᠭᠠᠷ ᠤᠷᠠᠨ ᠮᠠᠯᠴᠢᠨ ᠤ ᠭᠠᠨᠵᠤᠭ᠎ᠠ ᠲᠦᠭᠦᠷᠡᠩ ᠠᠮᠢᠳᠤᠷᠠᠯ
ᠨᠡᠶᠢᠲᠡᠯᠡᠭᠰᠡᠨ ᠴᠠᠭ᠄
2025/1/14
     ᠮᠠᠯᠵᠢᠬᠤ ᠤᠷᠤᠨ ᠳᠤ ᠰᠢᠨ᠎ᠡ ᠮᠡᠳᠡᠯᠬᠡ ᠮᠡᠷᠭᠡᠵᠢᠯ ᠡᠵᠡᠮᠰᠢᠭᠰᠡᠨ ᠮᠠᠯᠴᠢᠳ ᠡᠳᠦᠷ ᠢᠷᠡᠬᠦᠶ᠎ᠡ ᠤᠯᠠᠰᠢᠷᠠᠵᠤ᠂ ᠮᠠᠯ ᠠᠵᠦ ᠠᠬᠤᠢ ᠶᠢᠨ ᠦᠢᠯᠡᠳᠪᠦᠷᠢᠯᠡᠯ ᠳᠡᠭᠡᠨ ᠲᠤᠯᠭᠠᠭᠤᠷᠢᠯᠠᠬᠤ ᠬᠦᠴᠦᠨ ᠪᠤᠯᠵᠤ ᠪᠠᠶᠢᠬᠤ ᠨᠢ ᠬᠦᠳᠡᠭᠡ ᠤᠷᠤᠨ ᠨᠤᠳᠤᠭ ᠢ ᠬᠦᠭᠵᠢᠬᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠲᠠᠢ ᠶᠠᠪ ᠴᠠᠪ ᠨᠡᠶᠢᠴᠡᠨ᠎ᠡ᠃ ᠡᠳᠡᠬᠡᠷ ᠮᠠᠯᠴᠢᠨ ᠰᠤᠷᠴᠦ ᠡᠵᠡᠮᠰᠢᠭᠰᠡᠨ ᠮᠡᠳᠡᠯᠬᠡ ᠮᠡᠷᠭᠡᠵᠢᠯ ᠪᠠ ᠦᠪᠡᠷ ᠤᠨ ᠴᠢᠷᠮᠠᠶᠢᠯᠭ᠎ᠠ ᠪᠠᠷ ᠢᠶᠠᠨ ᠬᠡᠷᠡᠭᠳᠡᠢ ᠵᠦᠢᠯᠡᠰ ᠢ ᠬᠢᠵᠦ ᠪᠦᠳᠦᠬᠡᠵᠦ ᠪᠠᠶᠢᠭ᠎ᠠ ᠶᠤᠮ᠃ ᠰᠢᠨ᠎ᠡ ᠴᠠᠭ ᠦᠶ᠎ᠡ ᠶᠢᠨ ᠮᠠᠯᠵᠢᠬᠤ ᠦᠢᠯᠡᠳᠪᠦᠷᠢᠯᠡᠯ ᠠᠮᠢᠳᠤᠷᠠᠯ ᠳᠤ ᠰᠤᠶᠤᠯ ᠮᠡᠳᠡᠯᠬᠡ ᠶᠢ ᠡᠷᠬᠢᠮᠯᠡᠳᠡᠭ ᠮᠡᠷᠬᠡᠵᠢᠯ ᠪᠤᠯᠪᠠᠰᠤᠷᠠᠯ ᠲᠠᠢ ᠮᠠᠯᠴᠢᠳ ᠱᠠᠭᠠᠷᠳᠠᠭᠳᠠᠵᠤ ᠪᠠᠶᠢᠭ᠎ᠠ ᠶᠤᠮ᠃ ᠮᠠᠨ ᠤ ᠬᠦᠳᠡᠭᠡ ᠶᠢᠨ ᠮᠠᠯᠵᠢᠬᠤ ᠦᠢᠯᠡᠳᠪᠦᠷᠢᠯᠡᠯ ᠳᠤ ᠮᠠᠯᠴᠢᠳ ᠦᠪᠡᠷᠰᠡᠳ ᠤᠨ ᠠᠪᠢᠶᠠᠰ ᠴᠢᠳᠠᠪᠦᠷᠢ᠂ ᠬᠦᠴᠦ ᠬᠦᠯᠦᠰᠦ᠂ ᠨᠠᠨᠳᠢᠨ ᠬᠦᠳᠡᠯᠮᠦᠷᠢ ᠪᠠᠷ ᠢᠶᠠᠨ ᠠᠵᠢᠯ ᠦᠢᠯᠡᠰ ᠪᠤᠰᠬᠠᠬᠤ ᠬᠦᠰᠡᠯ ᠵᠤᠷᠢᠯᠳᠠ ᠲᠠᠢ ᠶᠠᠪᠤᠬᠤ ᠨᠢ ᠵᠦᠢᠳᠡᠢ᠃ ᠬᠦᠳᠡᠭᠡ ᠤᠷᠤᠨ ᠨᠤᠳᠤᠭ ᠢᠶᠠᠨ ᠬᠦᠭᠵᠢᠬᠦᠯᠦᠨ ᠮᠠᠨᠳᠤᠭᠤᠯᠬᠤ ᠡᠬᠦᠷᠬᠡ ᠬᠠᠷᠢᠭᠤᠴᠠᠯᠭ᠎ᠠ ᠮᠠᠯᠴᠢᠳ ᠤᠨ ᠬᠤᠶᠠᠷ ᠮᠦᠷᠦᠨ ᠲᠡᠭᠡᠷ᠎ᠡ ᠲᠠᠯᠪᠢᠭᠳᠠᠵᠦ ᠪᠠᠶᠢᠳᠠᠭ᠃ ᠨᠤᠳᠤᠭ ᠤᠰᠤ ᠪᠠᠨ ᠬᠦᠭᠵᠢᠬᠦᠯᠬᠦ ᠳᠤ ᠤᠶᠤᠨ ᠤᠬᠠᠭᠠᠨ᠂ ᠤᠭᠤᠷᠠᠭ ᠲᠠᠷᠢᠬᠢ ᠪᠠᠨ ᠰᠢᠪᠬᠠᠨ᠂ ᠦᠷᠬᠡᠨ ᠤᠯᠠᠨ ᠮᠠᠯᠴᠢᠨ ᠲᠦᠮᠡᠨ ᠳᠡᠭᠡᠨ ᠦᠢᠯᠡᠴᠢᠯᠡᠬᠦ ᠶᠢᠨ ᠲᠠᠭᠠᠤ ᠦᠪᠡᠷ ᠢᠶᠠᠨ ᠴᠤ ᠶᠡᠬᠡᠬᠡᠨ ᠮᠠᠯᠵᠢᠯ ᠤᠨ ᠪᠤᠰᠤ ᠤᠷᠤᠯᠭ᠎ᠠ ᠤᠯᠵᠤ᠂ ᠴᠠᠭ ᠲᠤᠬᠢᠶᠠᠯ ᠢ ᠠᠯᠳᠠᠯ ᠦᠬᠡᠢ ᠴᠢᠷᠮᠠᠶᠢᠨ ᠠᠵᠢᠯᠯᠠᠵᠤ ᠪᠠᠶᠢᠬᠤ ᠨᠢ ᠶᠠᠭᠤᠳᠠᠢ ᠰᠠᠶᠢᠬᠠᠨ ᠠᠵᠢ᠃ ᠡᠳᠡᠬᠡᠷ ᠮᠠᠯᠴᠢᠳ ᠤᠨ ᠰᠢᠷᠭᠠᠭᠤ ᠤᠷᠤᠯᠳᠤᠯᠭ᠎ᠠ᠂ ᠰᠢᠨᠳᠠᠷᠠᠰᠢ ᠦᠬᠡᠢ ᠵᠤᠷᠢᠭ ᠠᠴᠠ ᠠᠵᠢᠯ ᠦᠢᠯᠡᠰ ᠤᠨ ᠠᠮᠵᠢᠯᠳᠠ ᠶᠢᠨ ᠲᠤᠷᠭᠠᠨ ᠬᠠᠷᠭᠤᠢ ᠲᠤᠳᠤᠷᠠᠵᠤ ᠪᠠᠶᠢᠨ᠎ᠠ᠃      ᠡᠯᠡᠰᠦᠨ ᠨᠤᠳᠤᠭ ᠤᠨ ᠢᠶᠠᠨ ᠡᠯᠢᠬᠡᠨ ᠳᠤ ᠡᠬᠡᠯ ᠪᠤᠷᠤᠭᠵᠢᠭᠤᠨ ᠮᠠᠯᠴᠢᠨ ᠠᠮᠢᠳᠤᠷᠠᠯ ᠳᠠᠭᠠᠨ ᠢᠳᠡᠬᠡᠰᠢᠵᠤ᠂ ᠪᠤᠳᠤᠯ ᠰᠡᠳᠬᠢᠯ ᠤᠨ ᠬᠦᠨ ᠳᠡᠭᠡᠨ ᠤᠯᠠᠮᠵᠢᠯᠠᠯᠳᠤ ᠪᠤᠷᠭᠠᠰᠤᠨ ᠰᠤᠶᠤᠯ ᠢᠶᠠᠨ ᠦᠪᠯᠡᠨ ᠤᠯᠠᠮᠵᠢᠯᠠᠬᠤ ᠪᠠᠷ ᠵᠤᠷᠢᠭᠯᠠᠵᠤ᠂ ᠴᠠᠭ ᠲᠤᠬᠢᠶᠠᠯ ᠢ ᠠᠯᠳᠠᠯ ᠦᠬᠡᠢ ᠴᠢᠷᠮᠠᠶᠢᠨ ᠠᠵᠢᠯᠯᠠᠵᠤ ᠪᠠᠶᠢᠭ᠎ᠠ ᠲᠡᠮᠤᠷᠪᠠᠭᠠᠨ᠎ᠠ ᠪᠤᠯ ᠰᠢᠯᠤᠭᠤᠨ ᠬᠦᠬᠡ ᠬᠤᠰᠢᠭᠤᠨ ᠤ ᠰᠠᠩ ᠤᠨ ᠲᠠᠯᠠᠢ ᠪᠠᠯᠭᠠᠰᠤᠨ ᠤ ᠲᠠᠪᠤᠨ ᠤᠳᠤ ᠭᠠᠴᠠᠭᠠᠨ ᠤ ᠮᠠᠯᠴᠢᠨ ᠪᠢᠯᠡ᠃ ᠴᠠᠭ ᠠᠭᠠᠷ ᠤᠨ ᠬᠤᠪᠢᠷᠠᠯᠳᠠ᠂ ᠨᠡᠶᠢᠬᠡᠮ ᠤᠨ ᠬᠦᠭᠵᠢᠯᠳᠡ ᠶᠢ ᠲᠠᠭᠠᠯᠳᠤᠨ ᠪᠡᠯᠴᠢᠬᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ᠂ ᠨᠤᠳᠤᠭ ᠰᠡᠯᠬᠦᠨ ᠮᠠᠯ ᠮᠠᠯᠵᠢᠬᠤ᠂ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠠᠷᠭ᠎ᠠ ᠮᠠᠶ᠋ᠢᠭ ᠢ ᠤᠮᠳᠤᠭᠠᠶᠢᠯᠠᠭᠰᠠᠨ ᠵᠡᠷᠭᠡ ᠰᠢᠯᠳᠠᠭᠠᠨ ᠠᠴᠠ ᠤᠷᠤᠯᠭ᠎ᠠ ᠪᠠᠭᠠᠰᠴᠤ᠂ ᠮᠠᠯᠵᠢᠬᠤ ᠦᠢᠯᠡᠳᠪᠦᠷᠢᠯᠡᠯ ᠤᠨ ᠦᠪᠡᠷ ᠤᠨ ᠦᠷᠳᠡᠭ ᠨᠡᠮᠡᠭᠳᠡᠭᠰᠡᠨ ᠵᠡᠷᠭᠡ ᠰᠢᠯᠳᠠᠭᠠᠨ ᠠᠴᠠ ᠲᠡᠮᠦᠷᠪᠠᠭᠠᠨ᠎ᠠ ᠶᠢᠨ ᠬᠢ ᠰᠢᠭ ᠲᠠᠪᠤᠨ ᠬᠤᠰᠢᠭᠤ ᠮᠠᠯ ᠢᠶᠠᠨ ᠪᠦᠷᠢᠨ ᠪᠦᠳᠦᠨ ᠢᠶᠠᠷ ᠨᠢ ᠮᠠᠯᠵᠢᠵᠤ ᠪᠠᠶᠢᠭ᠎ᠠ ᠡᠷᠦᠬᠡ ᠴᠦᠬᠡᠨ ᠬᠠᠷᠠᠭᠳᠠᠬᠤ ᠪᠤᠯᠵᠠᠢ᠃      ᠮᠠᠯᠴᠢᠨ ᠬᠦᠮᠦᠨ ᠮᠢᠩᠭᠠᠨ ᠮᠡᠷᠭᠡᠵᠢᠯ ᠲᠠᠢ ᠭᠡᠳᠡᠭ᠃ ᠲᠡᠮᠦᠷᠪᠠᠭᠠᠨ᠎ᠠ ᠭᠠᠷ ᠤᠷᠠᠨ᠂ ᠵᠠᠪ ᠯᠡ ᠭᠠᠷᠪᠠᠯ ᠡᠨᠡ ᠲᠡᠷᠡ ᠪᠠᠨ ᠬᠢᠵᠦ ᠤᠷᠤᠯᠳᠤᠳᠠᠭ ᠬᠦᠮᠦᠨ ᠤ ᠨᠢᠬᠡ ᠪᠢᠯᠡ᠃ ᠮᠦᠨ ᠤᠶᠢᠷ᠎ᠠ ᠶᠢᠨ ᠬᠤᠷᠢᠭᠠᠳ ᠵᠢᠯ ᠳᠤ ᠲᠡᠮᠡᠢ ᠬᠠᠷᠠᠭᠳᠠᠬᠤ ᠦᠬᠡᠢ ᠪᠤᠯᠵᠤ ᠤᠰᠠᠳᠬᠤ ᠰᠢᠬᠠᠭᠰᠠᠨ ᠡᠯ᠎ᠡ ᠵᠦᠢᠯ ᠤᠨ ᠪᠤᠷᠭᠠᠰᠤᠨ ᠬᠦᠷᠦᠮᠡᠯ᠂ ᠮᠤᠳᠤᠨ ᠡᠳ᠋ᠯᠡᠯ ᠤᠨ ᠵᠦᠢᠯᠡᠰ ᠤᠳ ᠲᠡᠬᠦᠨ ᠤ ᠭᠠᠷ ᠢᠶᠠᠷ ᠤᠤᠯ ᠲᠦᠷᠬᠦ ᠪᠠᠨ ᠰᠡᠷᠬᠦᠬᠡᠵᠦ᠂ ᠤᠯᠠᠨ ᠤ ᠮᠡᠯᠮᠡᠢ ᠶᠢ ᠪᠠᠶᠠᠰᠬᠠᠵᠤ ᠪᠠᠶᠢᠨ᠎ᠠ᠃ ᠲᠡᠷᠡᠪᠡᠷ ᠤᠶᠢᠷ᠎ᠠ ᠶᠢᠨ ᠬᠡᠳᠦᠨ ᠵᠢᠯ ᠳᠤ ᠪᠤᠷᠭᠠᠰᠤᠨ ᠮᠤᠩᠭᠤᠯ ᠬᠡᠷ᠂ ᠵᠠᠮᠪᠠ᠂ ᠵᠤᠭᠤᠯᠢ᠂ ᠠᠷᠤᠭ᠂ ᠲᠡᠮᠡᠭᠡᠨ ᠲᠡᠩᠨᠡᠭᠦᠷ ᠤᠨ ᠲᠦᠷᠪᠡᠯᠵᠢᠨ ᠠᠷᠤᠭ᠂ ᠮᠤᠳᠤᠨ ᠰᠠᠪᠠᠷ᠂ ᠮᠤᠳᠤᠨ ᠦᠬᠡᠷ ᠲᠡᠷᠭᠡ᠂ ᠲᠡᠮᠡᠭᠡᠨ ᠲᠡᠷᠭᠡ᠂ ᠲᠡᠮᠡᠭᠡᠨ ᠴᠢᠷᠭ᠎ᠠ ᠵᠡᠷᠭᠡ ᠤᠯᠠᠨ ᠵᠦᠢᠯ ᠤᠨ ᠪᠤᠷᠭᠠᠰᠤ᠂ ᠮᠤᠳᠤᠨ ᠡᠳ᠋ᠯᠡᠯ ᠬᠡᠷᠡᠭᠰᠡᠯ ᠢ ᠬᠢᠬᠦ ᠪᠤᠯᠵᠠᠢ᠃ ᠳᠡᠷᠡ ᠬᠡᠰᠢᠭᠳᠡᠨ ᠬᠤᠰᠢᠭᠤᠨ ᠤ ᠤᠯᠠᠭᠠᠨ ᠪᠤᠳᠤᠩ ᠤᠨ ᠵᠤᠭᠠᠴᠠᠯ᠂ ᠬᠡᠬᠡᠨ ᠲᠠᠯ᠎ᠠ ᠵᠤᠭᠠᠴᠠᠯ ᠤᠨ ᠭᠠᠵᠠᠷ ᠵᠡᠷᠭᠡ ᠵᠤᠭᠠᠴᠠᠯ ᠪᠤᠯᠤᠨ ᠤᠷᠤᠨ ᠨᠤᠳᠤᠭ ᠤᠨ ᠵᠤᠭᠠᠴᠠᠯ ᠤᠨ ᠴᠡᠭ ᠤᠨ ᠵᠠᠬᠢᠶᠠᠯᠠᠭ᠎ᠠ ᠶᠢ ᠲᠤᠰᠴᠤ ᠪᠤᠷᠤᠯᠠᠭᠤᠯᠤᠭᠠᠳ᠂ ᠮᠠᠯᠵᠢᠯ ᠤᠨ ᠪᠤᠰᠤ ᠤᠷᠤᠯᠭ᠎ᠠ ᠤᠯᠵᠤ ᠠᠮᠢᠳᠤᠷᠠᠯ ᠠᠬᠤᠢ ᠪᠠᠨ ᠦᠬᠡᠳᠡ ᠪᠠᠨ ᠲᠠᠳᠠᠵᠤ ᠬᠢᠯᠠᠷᠠᠭᠤᠯᠵᠤ ᠶᠠᠪᠤᠨ᠎ᠠ᠃      ᠲᠡᠮᠦᠷᠪᠠᠭᠠᠨ᠎ᠠ ᠶᠢᠨ ᠠᠵᠢᠯᠰᠠᠭ ᠨᠢᠮᠪᠠᠢ ᠶᠢ ᠤᠶᠢᠷ᠎ᠠ ᠬᠠᠪᠢ ᠶᠢᠨ ᠬᠢᠨᠢ ᠮᠠᠯᠴᠢᠳ ᠰᠠᠶᠢᠨ ᠮᠡᠳᠡᠨ᠎ᠡ᠃ ᠡᠳᠡᠨ ᠤ ᠵᠠᠭᠤ ᠭᠠᠷᠤᠢ ᠵᠢᠯ ᠤᠨ ᠲᠡᠦᠬᠡ ᠲᠠᠢ ᠮᠤᠩᠭᠤᠯ ᠬᠡᠷ ᠤᠨ ᠤᠨᠢ᠂ ᠬᠠᠨ᠎ᠠ᠂ ᠲᠤᠭᠤᠨᠤ᠂ ᠬᠠᠭᠠᠯᠭ᠎ᠠ ᠨᠢ ᠰᠠᠶᠢᠨ ᠢᠶᠠᠷ ᠢᠶᠠᠨ ᠪᠠᠶᠢᠨ᠎ᠠ᠃ ᠲᠡᠷᠡ ᠡᠨᠡᠬᠦ ᠦᠨᠢ ᠤᠳᠠᠭᠠᠨ ᠤ ᠰᠠᠯᠬᠢ ᠪᠤᠷᠤᠭᠠᠨ ᠢ ᠲᠤᠭᠤᠯᠵᠤ ᠢᠷᠡᠭᠰᠡᠨ ᠮᠤᠩᠭᠤᠯ ᠬᠡᠷ ᠢᠶᠠᠨ ᠨᠠᠨᠳᠢᠩᠨᠠᠨ ᠬᠠᠳᠠᠭᠠᠯᠠᠵᠦ᠂ ᠤᠵᠤᠭᠤᠷ ᠤᠨ ᠨᠠᠰᠤᠳᠠᠶᠢᠴᠤᠳ ᠤᠨ ᠬᠡᠷᠡᠭᠯᠡᠵᠦ ᠪᠠᠶᠢᠭᠰᠠᠨ ᠲᠤᠯᠭ᠎ᠠ᠂ ᠡᠷᠬᠢᠨᠡᠭ᠂ ᠠᠪᠳᠠᠷ᠎ᠠ ᠬᠤᠷᠭᠤ ᠵᠡᠷᠭᠡ ᠵᠦᠢᠯ ᠢ ᠪᠦᠷᠢᠨᠰᠢᠬᠦᠯᠵᠦ᠂ ᠦᠵᠡᠰᠬᠦᠯᠡᠩ ᠡᠷᠬᠢᠯᠡᠬᠦ ᠰᠠᠨᠠᠭᠠᠳᠠᠢ ᠪᠠᠶᠢᠭ᠎ᠠ ᠪᠠᠨ ᠶᠠᠷᠢᠵᠤ ᠪᠠᠶᠢᠭᠰᠠᠨ ᠪᠢᠯᠡ᠃      ᠡᠷᠳᠡ ᠲᠡᠭᠡᠳᠦ ᠠᠴᠠ ᠪᠠᠨ ᠤᠯᠠᠮᠵᠢᠯᠠᠭᠰᠠᠨ ᠪᠤᠷᠭᠠᠰᠤ ᠮᠤᠳᠤᠨ ᠰᠤᠶᠤᠯ ᠢ ᠦᠪᠯᠡᠨ ᠤᠯᠠᠮᠵᠢᠯᠠᠬᠤ ᠳᠤ ᠬᠤᠪᠢ ᠨᠡᠮᠡᠷᠢ ᠪᠠᠨ ᠦᠵᠡᠬᠦᠯᠵᠦ᠂ ᠵᠦᠢᠳᠡᠢ ᠦᠢᠯᠡ ᠪᠠᠷ ᠢᠶᠠᠨ ᠤᠯᠠᠨ ᠳᠠᠭᠠᠨ ᠲᠠᠭᠤᠷᠢᠶᠠᠯ ᠪᠤᠯᠵᠤ ᠪᠠᠶᠢᠭ᠎ᠠ ᠴᠠᠬᠠᠷ ᠨᠤᠳᠤᠭ ᠤᠨ ᠮᠠᠯᠴᠢᠨ ᠲᠡᠮᠦᠷᠪᠠᠭᠠᠨ᠎ᠠ ᠶᠢᠨ ᠠᠮᠢᠳᠤᠷᠠᠬᠤᠢ ᠶᠢᠨ ᠠᠷᠭ᠎ᠠ ᠲᠤᠷᠰᠢᠯᠭ᠎ᠠ ᠨᠢ ᠮᠠᠭᠳᠠᠭᠤᠰᠢᠳᠠᠢ᠃ ᠰᠤᠨᠤᠰᠴᠤ ᠰᠠᠭᠤᠬᠤ ᠪᠠᠷ ᠬᠢᠵᠦ ᠰᠤᠷ ᠬᠡᠳᠡᠭ ᠦᠨᠡᠨ ᠠᠵᠤᠭᠤ᠃
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号