ᠮᠠᠯᠵᠢᠬᠤ ᠤᠷᠤᠨ ᠡᠳᠦᠷ ᠢᠷᠡᠬᠦᠶ᠎ᠡ ᠬᠤᠪᠢᠷᠠᠵᠤ ᠰᠢᠨᠡᠴᠢᠯᠡᠭᠳᠡᠵᠦ ᠪᠠᠶᠢᠭ᠎ᠠ ᠦᠨᠦᠳᠦᠷ ᠬᠦᠳᠡᠭᠡ ᠨᠤᠳᠤᠭ ᠤᠨ | ᠰᠢᠨ᠎ᠡ ᠴᠠᠭ ᠤᠨ ᠮᠠᠯᠴᠢᠨ ᠵᠠᠯᠠᠭᠤᠰ ᠰᠢᠨᠵᠢᠯᠡᠬᠦ ᠤᠬᠠᠭᠠᠨᠴᠢ ᠡᠷᠢᠯᠬᠢᠯᠡᠯ ᠢᠶᠠᠷ ᠴᠤ ᠰᠢᠨ᠎ᠡ ᠬᠦᠭᠵᠢᠯᠳᠡ ᠶᠢᠨ ᠵᠠᠮ | ᠮᠦᠷ ᠢ ᠲᠤᠷᠠᠶᠢᠯᠭᠠᠨᠠ᠃ ᠵᠢᠷᠭᠠᠯᠳᠤ ᠠᠮᠢᠳᠤᠷᠠᠯ ᠢᠶᠠᠨ ᠴᠤᠭᠴᠠᠯᠠᠵᠤ ᠪᠠᠶᠢᠭ᠎ᠠ ᠵᠠᠯᠠᠭᠤ ᠨᠢᠬᠡᠨ ᠦᠶ᠎ᠡ ᠶᠢᠨ ᠬᠢᠨ ᠤ | ᠠᠮᠢᠳᠤᠷᠠᠯ ᠦᠢᠯᠡᠰ ᠤᠶᠢᠷ᠎ᠠ ᠬᠠᠪᠢ ᠲᠡᠳᠦᠢ ᠦᠬᠡᠢ ᠭᠠᠳᠠᠨ᠎ᠠ ᠭᠠᠵᠠᠷ ᠤᠷᠤᠨ ᠤ ᠦᠷᠬᠡᠨ ᠤᠯᠠᠨ ᠮᠠᠯᠴᠢᠳ ᠤᠨ | ᠲᠠᠭᠤᠷᠢᠶᠠᠯ ᠪᠤᠯᠵᠤ ᠪᠠᠶᠢᠳᠠᠭ᠃ ᠤᠷᠤᠨ ᠨᠤᠳᠤᠭ ᠤᠨ ᠢᠶᠠᠨ ᠤᠨᠴᠠᠯᠢᠭ᠂ ᠠᠮᠢᠳᠤᠷᠠᠯ ᠤᠨ ᠬᠢᠷᠢ | ᠲᠦᠪᠰᠢᠨ ᠲᠠᠢ ᠪᠠᠨ ᠵᠤᠬᠢᠴᠠᠭᠤᠯᠤᠨ ᠲᠦᠰᠦᠪ ᠲᠦᠯᠦᠪᠯᠡᠭᠡ ᠲᠠᠢ ᠠᠵᠢᠯᠯᠠᠵᠤ ᠠᠮᠢᠳᠤᠷᠠᠨ᠂ ᠮᠠᠯ ᠠᠵᠦ ᠠᠬᠤᠢ ᠶᠢᠨ | ᠲᠤᠭᠳᠠᠭᠤᠨ ᠬᠦᠭᠵᠢᠯᠳᠡ ᠶᠢ ᠪᠠᠳᠤᠯᠠᠨ᠂ ᠤᠷᠤᠯᠭ᠎ᠠ ᠪᠠᠨ ᠨᠡᠮᠡᠭᠳᠡᠬᠦᠯᠬᠦ ᠶᠢᠨ ᠲᠠᠭᠠᠤ ᠮᠠᠯᠵᠢᠯ ᠤᠨ ᠪᠤᠰᠤ ᠤᠷᠤᠯᠭ᠎ᠠ | ᠤᠯᠵᠤ᠂ ᠤᠯᠠᠨ ᠤ ᠲᠤᠮᠳᠠ ᠪᠠᠨ ᠤᠳᠤ ᠪᠤᠯᠤᠨ ᠬᠢᠯᠠᠷᠠᠭᠤᠯᠵᠤ ᠶᠠᠪᠤᠭ᠎ᠠ ᠮᠠᠯᠴᠢᠨ ᠵᠠᠯᠠᠭᠤ ᠲᠠᠢ ᠲᠠᠨᠢᠯᠴᠠᠶ᠎ᠠ᠃ | ᠠᠭᠤᠳᠠᠮ ᠲᠡᠨᠢᠬᠡᠷ ᠤᠯᠠᠭᠠᠢ ᠨᠤᠳᠤᠭ ᠤᠨ ᠢᠶᠠᠨ ᠡᠯᠢᠬᠡᠨ ᠳᠤ ᠤᠬᠠᠭᠠᠨ ᠲᠠᠮᠢᠷ ᠢᠶᠠᠨ ᠰᠤᠷᠢᠵᠤ᠂ ᠪᠤᠳᠤᠯ | ᠰᠡᠳᠬᠢᠯ ᠤᠨ ᠢᠶᠠᠨ ᠬᠦᠨ ᠳᠤ ᠶᠠᠭᠤ ᠨᠢᠬᠡ ᠶᠢ ᠬᠢᠵᠦ ᠪᠦᠳᠦᠬᠡᠬᠦ ᠪᠠᠷ ᠦᠢᠯᠡᠰ ᠬᠦᠬᠡᠬᠡᠴᠡᠯᠳᠦᠯ ᠪᠤᠯᠭᠠᠵᠤ᠂ ᠬᠦᠮᠦᠨ | ᠠᠷᠠᠳ ᠲᠠᠭᠠᠨ ᠲᠤᠰᠠᠳᠠᠢ ᠠᠵᠢᠯ ᠬᠢᠬᠦ ᠪᠠᠷ ᠵᠤᠷᠢᠭ ᠢᠶᠠᠨ ᠴᠢᠩᠭᠠᠯᠠᠨ᠂ ᠮᠡᠳᠡᠯᠭᠡ ᠮᠡᠷᠭᠡᠵᠢᠯ ᠰᠤᠷᠴᠦ᠂ ᠪᠤᠳᠠᠳᠤ | ᠦᠢᠯᠡᠳᠦᠯᠬᠡ ᠪᠠᠷ ᠢᠶᠠᠨ ᠬᠤᠯᠠ ᠤᠶᠢᠷ᠎ᠠ ᠳᠠᠭᠠᠨ ᠲᠠᠨᠢᠭᠳᠠᠭᠰᠠᠨ ᠰᠠᠶᠢᠰᠢᠶᠠᠯᠳᠤ ᠪᠤᠯ ᠤᠯᠠᠭᠠᠢ ᠬᠠᠮᠢᠶᠠᠷᠤᠯᠳᠠ ᠶᠢᠨ | ᠤᠷᠤᠨ ᠤ ᠬᠡᠰᠡᠭᠡᠨᠭᠤᠯᠠ ᠮᠠᠯᠵᠢᠯ ᠤᠨ ᠲᠠᠯᠠᠪᠠᠢ ᠶᠢᠨ ᠮᠠᠯᠴᠢᠨ ᠵᠠᠯᠠᠭᠤ ᠪᠢᠯᠡ᠃ | ᠰᠠᠶᠢᠰᠢᠶᠠᠯᠳᠤ ᠶᠢᠨ ᠬᠤᠰᠢᠭᠤᠨ ᠳᠤ ᠠᠰᠠᠷ ᠲᠠᠢ᠂ ᠬᠦᠳᠡᠭᠡ ᠨᠤᠳᠤᠭ ᠲᠠᠭᠠᠨ ᠬᠡᠷ ᠪᠠᠶᠢᠰᠢᠩ᠂ ᠬᠤᠷᠤᠭ᠎ᠠ | ᠬᠠᠰᠢᠶ᠎ᠠ ᠲᠦᠪᠬᠢᠨᠡᠬᠦᠭᠡᠨ᠂ ᠮᠠᠯ ᠠᠵᠦ ᠠᠬᠤᠢ ᠳᠠᠭᠠᠨ ᠬᠡᠷᠡᠭᠯᠡᠬᠦ ᠮᠠᠰᠢᠨ ᠪᠠᠭᠠᠵᠢ ᠪᠦᠷᠢᠨ᠂ ᠴᠢᠨᠡᠭᠡᠯᠢᠭ | ᠠᠮᠢᠳᠤᠷᠠᠯᠭ᠎ᠠ ᠲᠠᠢ ᠠᠶᠢᠯ ᠶᠤᠮ᠃ ᠲᠡᠷᠡᠪᠡᠷ ᠠᠯᠢ ᠡᠷᠳᠡ ᠠᠴᠠ ᠦᠪᠡᠷ ᠢᠶᠠᠨ ᠰᠤᠷᠴᠦ ᠴᠢᠳᠠᠪᠦᠷᠢᠳᠠᠨ ᠪᠤᠯᠵᠤ | ᠲᠡᠶᠢᠯᠬᠦ ᠦᠬᠡᠢ ᠴᠤ ᠦᠪᠡᠷ ᠤᠨ ᠪᠡᠶ᠎ᠡ ᠳᠡᠭᠡᠨ ᠠᠰᠢᠭᠳᠠᠢ᠂ ᠨᠡᠶᠢᠭᠡᠮ ᠨᠡᠶᠢᠳᠡ ᠳᠤ ᠬᠡᠷᠡᠭᠴᠡᠭᠡ ᠲᠠᠢ ᠬᠦᠮᠦᠨ ᠪᠤᠯᠬᠤ | ᠬᠦᠰᠡᠯ ᠢ ᠡᠪᠦᠷᠯᠡᠨ᠂ ᠠᠬᠠᠮᠠᠳ ᠬᠠᠰᠢᠷ ᠮᠠᠯᠴᠢᠨ ᠠᠴᠠ ᠮᠠᠯ ᠡᠮᠨᠡᠯᠭᠡ ᠶᠢᠨ ᠲᠤᠷᠰᠢᠯᠭ᠎ᠠ ᠰᠤᠷᠴᠦ ᠬᠤᠷᠠᠮᠳᠤᠭᠤᠯᠤᠨ᠂ | ᠮᠠᠯ ᠤᠨ ᠪᠡᠷᠭᠡ ᠲᠦᠯᠯᠡᠯᠳᠡ ᠶᠢ ᠵᠠᠰᠠᠬᠤ ᠲᠤᠬᠠᠢ ᠠᠰᠠᠭᠤᠨ ᠯᠠᠪᠯᠠᠬᠤ ᠶᠢᠨ ᠬᠠᠮᠳᠤ᠂ ᠡᠨᠡ ᠲᠤᠬᠠᠢ ᠮᠤᠩᠭᠤᠯ | ᠬᠢᠳᠠᠳ ᠨᠤᠮ ᠪᠢᠴᠢᠭ ᠢ ᠤᠯᠳᠠᠬᠤ ᠶᠢᠨ ᠬᠢᠷᠢ ᠪᠠᠷ ᠤᠡᠭᠰᠢᠵᠤ᠂ ᠮᠡᠳᠡᠬᠦ ᠦᠬᠡᠢ ᠵᠦᠢᠯ ᠢᠶᠠᠨ ᠲᠡᠮᠳᠡᠭᠯᠡᠨ ᠠᠪᠴᠦ᠂ | ᠤᠨᠤᠯ ᠢ ᠦᠢᠯᠡᠳᠦᠯᠭᠡ ᠲᠤᠮᠳᠠ ᠪᠠᠨ ᠤᠶᠠᠯᠳᠤᠭᠤᠯᠤᠨ ᠪᠤᠳᠠᠳᠠᠢ ᠠᠵᠢᠯ ᠲᠡᠭᠡᠷ᠎ᠡ ᠪᠠᠨ ᠲᠤᠬᠠᠢ ᠶᠢᠨ ᠲᠠᠯᠠᠪᠠᠢ ᠳᠤᠨᠢ | ᠬᠡᠷᠡᠭᠯᠡᠬᠦ ᠶᠢ ᠪᠠᠷᠢᠮᠳᠠᠯᠠᠵᠤ ᠢᠷᠡᠭᠰᠡᠨ ᠪᠠᠶᠢᠨ᠎ᠠ᠃ ᠰᠠᠶᠢᠰᠢᠶᠠᠯᠳᠤ ᠬᠤᠷᠢᠨ ᠨᠠᠰᠤᠳᠠᠢ ᠳᠠᠭᠠᠨ ᠨᠤᠳᠤᠭ ᠤᠨ ᠠᠬᠠᠮᠠᠳ | ᠡᠮᠴᠢ ᠶᠢᠨ ᠵᠢᠯᠤᠭᠤᠳᠤᠯᠭ᠎ᠠ ᠪᠠᠷ ᠮᠠᠯ ᠤᠨ ᠪᠡᠷᠬᠡ ᠲᠦᠯᠯᠡᠯᠳᠡ᠂ ᠪᠤᠭ ᠮᠠᠯ ᠤᠨ ᠡᠷᠬᠢᠬᠦᠦ ᠡᠪᠡᠳᠴᠢᠨ ᠳᠤ ᠮᠡᠰᠡ | ᠵᠠᠰᠠᠯ ᠬᠢᠵᠦ ᠪᠠᠶᠢᠵᠠᠢ᠃ ᠶᠠᠮᠠᠷᠴᠦ ᠠᠵᠢᠯ ᠢ ᠬᠢᠬᠦ ᠳᠤ ᠠᠩᠬᠠᠨ ᠤ ᠠᠯᠬᠤᠮ ᠬᠡᠴᠡᠬᠦᠦ ᠪᠠᠶᠢᠳᠠᠭ ᠮᠦᠷᠳᠡᠬᠡᠨ | ᠠᠮᠵᠢᠯᠳᠠ ᠨᠢ ᠠᠬᠢᠯᠳᠠ ᠳᠠᠭᠠᠨ ᠰᠠᠭᠤᠷᠢ ᠪᠤᠯᠳᠠᠭ᠃ ᠬᠤᠨᠢ ᠢᠮᠠᠭᠠᠨ ᠳᠤ ᠮᠡᠰᠡ ᠵᠠᠰᠠᠯ ᠬᠢᠭᠰᠡᠨ ᠦᠡᠭᠭᠡᠷᠡᠯᠳᠡ ᠪᠠᠨ | ᠨᠤᠮ ᠪᠢᠴᠢᠭ ᠠᠴᠠ ᠰᠤᠷᠤᠭᠰᠠᠨ ᠲᠠᠢ ᠪᠠᠨ ᠤᠶᠠᠯᠳᠤᠭᠤᠯᠤᠨ ᠰᠤᠳᠤᠯᠤᠭᠰᠠᠨ ᠰᠠᠭᠤᠷᠢᠨ ᠲᠡᠭᠡᠷ᠎ᠡ ᠮᠠᠯ ᠤᠨ | ᠡᠪᠡᠳᠴᠢᠨ ᠬᠡᠮ ᠵᠠᠰᠠᠬᠤ ᠲᠤᠬᠠᠢ ᠰᠠᠭᠤᠷᠢ ᠮᠡᠳᠡᠯᠬᠡ ᠪᠠᠨ ᠲᠠᠰᠤᠷᠠᠯᠳᠠ ᠦᠬᠡᠢ ᠲᠡᠭᠡᠭᠰᠢᠯᠡᠬᠦᠯᠬᠦ ᠲᠡᠭᠡᠷ᠎ᠡ ᠬᠦᠴᠦ | ᠲᠠᠯᠪᠢᠨ ᠴᠢᠷᠮᠠᠶᠢᠵᠤ ᠢᠷᠡᠭᠰᠡᠨ ᠢᠶᠠᠷ ᠮᠡᠷᠭᠡᠵᠢᠯ ᠨᠢ ᠲᠦᠷᠬᠡᠨ ᠲᠡᠭᠡᠭᠰᠢᠯᠡᠵᠦ ᠠᠵᠢᠯ ᠳᠠᠭᠠᠨ ᠴᠠᠭᠠᠷᠠᠨ᠂ | ᠤᠯᠠᠭᠠᠢ ᠳᠠᠭᠠᠨ ︽ᠬᠦᠳᠡᠭᠡ ᠰᠢᠯᠢ ᠮᠠᠯ ᠡᠮᠨᠡᠯᠭᠡ︾ ᠪᠠᠨ ᠡᠷᠬᠢᠯᠡᠵᠦ᠂ ᠬᠦᠳᠡᠭᠡ ᠪᠠᠭᠤᠵᠤ ᠮᠠᠯ ᠤᠨ ᠡᠪᠡᠳᠴᠢᠨ | ᠬᠡᠮ ᠢ ᠲᠤᠳᠤᠯᠠᠵᠤ ᠡᠮᠴᠢᠯᠡᠭᠡ ᠬᠢᠬᠦ᠂ ᠡᠯ᠎ᠡ ᠵᠦᠢᠯ ᠤᠨ ᠮᠡᠰᠡ ᠵᠠᠰᠠᠯ ᠬᠢᠬᠦ᠂ ᠭᠠᠷ ᠬᠡᠬᠡᠯᠳᠦᠬᠦᠯᠬᠡ ᠬᠢᠵᠦ ᠬᠡᠬᠡᠯ | ᠪᠠᠶᠢᠴᠠᠭᠠᠬᠤ᠂ ᠮᠠᠯ ᠳᠤ ᠴᠢᠳᠬᠤᠯᠳᠠ ᠵᠡᠬᠦᠯᠳᠡ ᠬᠢᠵᠦ ᠬᠤᠷᠤᠬᠠᠢ ᠲᠠᠭᠤᠬᠤ᠂ ᠦᠬᠡᠷ ᠬᠤᠨᠢ ᠤᠬᠢᠶᠠᠬᠤ | ᠦᠢᠯᠡᠴᠢᠯᠡᠭᠡ ᠬᠠᠨᠭ᠍ᠭᠠᠵᠤ ᠪᠠᠶᠢᠨ᠎ᠠ᠃ | ᠶᠠᠮᠠᠷᠴᠦ ᠠᠵᠢᠯ ᠢ ᠬᠢᠵᠦ ᠰᠤᠷᠬᠤ ᠳᠤ ᠤᠶᠢᠭ᠎ᠠ ᠦᠬᠡᠢ ᠴᠢᠷᠮᠠᠶᠢᠯᠭ᠎ᠠ ᠪᠠ ᠰᠢᠨᠳᠠᠷᠠᠰᠢ ᠦᠬᠡᠢ | ᠬᠠᠳᠠᠭᠤᠵᠢᠯᠳᠠᠢ ᠤᠷᠤᠯᠳᠤᠯᠭ᠎ᠠ ᠴᠢᠬᠤᠯᠠ ᠱᠠᠭᠠᠷᠳᠠᠭᠳᠠᠳᠠᠭ᠃ ᠮᠦᠨᠴᠦ ᠤᠷᠤᠭᠰᠢ ᠠᠬᠢᠬᠤ ᠳᠤ ᠬᠦᠳᠦᠴᠢ | ᠪᠤᠯᠳᠠᠭ᠃ ᠦᠢᠯᠡᠳᠦᠯᠬᠡ ᠪᠤᠯ ᠦᠨᠡᠨ ᠶᠤᠰᠤ ᠶᠢ ᠬᠡᠷᠡᠴᠢᠯᠡᠬᠦ ᠴᠤᠷ ᠤᠨ ᠭᠠᠭᠴᠠ ᠪᠠᠷᠢᠮᠵᠢᠶ᠎ᠠ ᠪᠤᠯᠳᠠᠭ ᠪᠠᠶᠢᠨ᠎ᠠ᠃ | ᠡᠳᠡᠭᠡᠷ ᠪᠦᠬᠦᠨ ᠨᠢ ᠰᠠᠶᠢᠰᠢᠶᠠᠯᠳᠤ ᠶᠢᠨ ᠮᠡᠰᠡ ᠵᠠᠰᠠᠯ ᠬᠢᠬᠦ ᠶᠢᠨ ᠬᠢᠨᠢ ᠰᠠᠭᠤᠷᠢ ᠪᠤᠯᠤᠭᠰᠠᠭᠠᠷ ᠢᠷᠡᠭᠰᠡᠨ ᠬᠡᠯᠳᠡᠢ᠃ | ᠬᠦᠰᠡᠯ ᠵᠤᠷᠢᠯᠳᠠ ᠨᠢ ᠬᠦᠮᠦᠨ ᠳᠤ ᠬᠦᠴᠦ ᠨᠡᠮᠡᠷᠢᠯᠡᠳᠡᠭ ᠭᠡᠭᠴᠢ ᠪᠠᠷ ᠰᠠᠶᠢᠰᠢᠶᠠᠯᠳᠤ ᠰᠤᠷᠬᠤ ᠳᠤ ᠰᠢᠮᠳᠡᠵᠦ᠂ | ᠰᠤᠳᠤᠯᠵᠤ ᠬᠢᠬᠦ ᠳᠡᠭᠡᠨ ᠴᠠᠭᠠᠷᠠᠵᠤ ᠢᠷᠡᠯ᠎ᠡ᠃ ᠤᠶᠢᠷ᠎ᠠ ᠶᠢᠨ ᠬᠡᠳᠦᠨ ᠵᠢᠯ ᠳᠤ ᠰᠢᠯᠢᠳᠡᠭ ᠡᠬᠦᠯᠳᠡᠷ ᠤᠨ ᠦᠬᠡᠷ | ᠤᠯᠠᠰᠢᠷᠠᠬᠤ ᠶᠢ ᠲᠠᠭᠠᠯᠳᠤᠨ ᠪᠡᠷᠭᠡ ᠲᠦᠯᠯᠡᠯᠳᠡ ᠶᠢᠨ ᠨᠤᠷᠮ᠎ᠠ ᠴᠤ ᠦᠡᠭᠭᠡᠷᠡᠭᠰᠡᠨ ᠦᠶ᠎ᠡ ᠪᠠᠨ ᠪᠤᠳᠤᠪᠠᠯ ᠤᠯᠠᠨ | ᠪᠤᠯᠵᠤ ᠢᠷᠡᠭᠰᠡᠨ ᠨᠢ ᠦᠨᠡᠨᠳᠡᠢ᠃ ᠡᠨᠡ ᠨᠢ ᠮᠠᠯᠴᠢᠨ ᠠᠶᠢᠯ ᠡᠷᠦᠬᠡ ᠳᠤ ᠠᠪᠴᠦ ᠬᠡᠯᠡᠪᠡᠯ ᠲᠤᠩ ᠴᠢᠬᠤᠯᠠ | ᠶᠠᠪᠤᠳᠠᠯ ᠪᠤᠯᠵᠤ ᠪᠤᠢ᠃ ᠲᠡᠷᠡ ᠲᠠᠷᠤᠢ ᠳᠤᠨᠢ ᠠᠷᠭ᠎ᠠ ᠬᠡᠮᠵᠢᠶ᠎ᠡ ᠠᠪᠬᠤ ᠦᠬᠡᠢ ᠳᠤ ᠬᠦᠷᠪᠡᠯ ᠶᠡᠭᠡ ᠬᠤᠬᠢᠷᠠᠯ | ᠪᠤᠯᠳᠠᠭ ᠪᠠᠶᠢᠨ᠎ᠠ᠃ | ᠮᠠᠯᠴᠢᠨ ᠵᠠᠯᠠᠭᠤ ᠰᠠᠶᠢᠰᠢᠶᠠᠯᠳᠤ ᠤᠶᠢᠷ᠎ᠠ ᠶᠢᠨ ᠬᠡᠳᠦᠨ ᠵᠢᠯ ᠠᠴᠠ ᠮᠠᠯ ᠤᠨ ᠡᠪᠡᠳᠴᠢᠨ ᠢ ᠲᠤᠳᠤᠯᠠᠬᠤ᠂ | ᠡᠮᠨᠡᠬᠦ᠂ ᠮᠡᠰᠡ ᠵᠠᠰᠠᠯ ᠬᠢᠬᠦ ᠡᠯ᠎ᠡ ᠵᠦᠢᠯ ᠤᠨ ᠬᠤᠷᠤᠬᠠᠢ ᠲᠠᠭᠤᠬᠤ ᠪᠦᠷᠢᠨ ᠦᠢᠯᠡᠴᠢᠯᠡᠭᠡ ᠬᠠᠨᠭ᠍ᠭᠠᠵᠤ | ᠪᠠᠶᠢᠳᠠᠭ ᠢᠶᠠᠷ ᠢᠶᠠᠨ ᠨᠡᠷ᠎ᠡ ᠭᠠᠷᠴᠠᠢ᠃ ᠳᠡᠷᠡ ᠤᠯᠠᠭᠠᠢ ᠬᠠᠮᠢᠶᠠᠷᠤᠯᠳᠠ ᠶᠢᠨ ᠤᠷᠤᠨ᠂ ᠵᠡᠬᠦᠨ ᠪᠠᠷᠠᠭᠤᠨ | ᠦᠵᠦᠮᠦᠴᠢᠨ ᠬᠤᠰᠢᠭᠤ᠂ ᠬᠢᠨᠭ᠍ᠭᠠᠨ ᠠᠶᠢᠮᠠᠭ ᠤᠨ ᠨᠠᠭᠠᠳᠤ ᠵᠠᠬ᠎ᠠ ᠶᠢᠨ ᠬᠤᠰᠢᠭᠤ ᠰᠤᠮᠤ ᠪᠠᠷ ᠬᠦᠷᠴᠦ ᠡᠮᠴᠢᠯᠡᠭᠡ | ᠬᠢᠵᠦ᠂ ᠮᠠᠯᠴᠢᠳ ᠤᠨ ᠰᠠᠶᠢᠨ ᠦᠨᠡᠯᠡᠯᠳᠡ ᠶᠢ ᠤᠯᠵᠤ ᠭᠠᠨᠵᠤᠭ᠎ᠠ ᠲᠦᠬᠦᠷᠡᠩ ᠬᠢᠯᠠᠷᠠᠭᠤᠯᠵᠤ ᠶᠠᠪᠤᠨ᠎ᠠ᠃ | ᠲᠡᠬᠦᠨ ᠢᠶᠠᠷ ᠮᠠᠯ ᠳᠠᠭᠠᠨ ᠮᠠᠰᠡ ᠵᠠᠰᠠᠯ ᠬᠢᠯᠬᠡᠭᠰᠡᠨ ᠮᠠᠯᠴᠢᠳ᠄ ︽ᠰᠠᠶᠢᠰᠢᠶᠠᠯᠳᠤ ᠶᠢᠨ ᠭᠠᠷ ᠨᠢ ᠬᠦᠡᠭᠭᠡᠨ᠂ | ᠡᠳᠡᠬᠡᠷᠡᠬᠦ ᠨᠢ ᠲᠦᠷᠬᠡᠨ ᠲᠡᠭᠡᠷ᠎ᠡ ᠪᠠᠨ ᠶᠠᠮᠠᠷᠴᠦ ᠠᠷᠬᠠᠭ ᠬᠡᠮ ᠰᠠᠭᠤᠳᠠᠭ ᠦᠬᠡᠢ᠃ ᠠᠪᠬᠤ ᠬᠠᠷᠠᠮᠵᠢ ᠮᠦᠡᠭᠬᠦ ᠨᠢ | ᠴᠤ ᠬᠢᠮᠳᠠ ᠪᠠᠶᠢᠳᠠᠭ᠃ ᠰᠠᠶᠢᠰᠢᠶᠠᠯᠳᠤ ᠶᠢᠨ ᠭᠠᠷ ᠲᠤ ᠤᠷᠤᠪᠠᠯ ᠠᠶᠤᠬᠤ ᠤᠴᠢᠷ ᠦᠬᠡᠢ᠂ ᠮᠡᠷᠬᠡᠵᠢᠯ ᠲᠠᠢ ᠰᠠᠶᠢᠨ | ᠵᠠᠯᠠᠭᠤ ᠰᠢᠦ︾ ᠭᠡᠵᠦ ᠶᠠᠷᠢᠳᠠᠭ᠃ ᠵᠠᠯᠠᠭᠤ ᠬᠦᠮᠦᠨ ᠤ ᠵᠠᠮ ᠤᠨ ᠬᠦᠵᠦᠬᠦᠦ ᠤᠷᠳᠤ ᠭᠡᠳᠡᠭ ᠢᠶᠠᠷ ᠡᠳᠡᠬᠡᠷ | ᠮᠠᠯᠴᠢᠳ ᠤᠨ ᠦᠬᠡ ᠶᠠᠷᠢᠶ᠎ᠠ ᠨᠢ ᠰᠠᠶᠢᠰᠢᠶᠠᠯᠳᠤ ᠳᠤ ᠵᠤᠭᠤᠰ ᠮᠦᠡᠭᠭᠦᠨ ᠠᠴᠠ ᠢᠯᠡᠬᠦᠦ ᠵᠤᠷᠢᠭᠵᠢᠭᠤᠯᠤᠯ ᠪᠠ | ᠢᠳᠡᠬᠡᠯ ᠤᠯᠭᠤᠭᠰᠠᠨ ᠶᠤᠮ᠃ |