ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 | ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠮᠠᠰᠢᠨ ᠲᠡᠷᠭᠡᠨ ᠤ ᠵᠠᠮᠨᠠᠬᠤ ᠦᠨᠡᠮᠯᠡᠯ ᠤᠨ ᠡᠯᠧᠺᠲᠷᠣᠨᠴᠢᠯᠠᠯᠳᠠ ᠶᠢ | ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ ᠪᠦᠬᠦᠢ ᠲᠤᠰᠬᠠᠢ ᠣᠷᠣᠨ ᠤ ᠳᠡᠰ ᠤᠨ | ᠬᠤᠲᠠ ᠶᠢᠨ ᠲᠡᠷᠭᠡᠨ ᠤ ᠡᠵᠡᠳ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ 12123︾ APP ᠢᠶᠠᠷ ᠵᠠᠮᠨᠠᠬᠤ | ᠡᠯᠧᠺᠲᠷᠣᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃ | ᠵᠠᠮᠨᠠᠬᠤ ᠡᠯᠧᠺᠲᠷᠣᠨ ᠦᠨᠡᠮᠯᠡᠯ ᠢ ᠤᠷᠤᠭᠰᠢᠲᠠᠶ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ | ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠰᠡᠳᠦᠪ ᠢᠶᠠᠷ | ᠪᠠᠶᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠦᠯ ᠲᠣᠭᠲᠠᠭᠠᠨ᠂ ᠰᠢᠰᠲ᠋ᠧᠮ ᠢ ᠵᠣᠬᠢᠶᠠᠨ ᠪᠠᠶᠢᠭᠤᠯᠵᠤ | ᠪᠠᠶᠢᠭᠠᠳ ᠲᠠᠰ ᠳᠡᠪᠰᠢᠭᠦᠯᠵᠦ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠥᠰᠦᠯ ᠢ ᠨᠠᠷᠢᠯᠢᠬᠵᠢᠭᠤᠯᠤᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠨᠡ ᠵᠢᠯ ᠤᠨ 7 ᠳ᠋ᠤᠭᠠᠷ | ᠰᠠᠷ᠎ᠠ ᠶᠢᠨ 1 ᠤ ᠡᠳᠦᠷ ᠠᠴᠠ ᠨᠠᠭᠠᠰᠢ 8600 ᠭᠠᠷᠤᠶ ᠲᠦᠮᠡᠨ ᠲᠡᠷᠭᠡᠨ ᠤ ᠡᠵᠡᠳ ᠲᠤ ᠵᠠᠮᠨᠠᠬᠤ ᠡᠯᠧᠺᠲᠷᠣᠨ ᠦᠨᠡᠮᠯᠡᠯ | ᠣᠯᠭᠤᠵᠤ᠂ ᠣᠯᠠᠨ ᠲᠦᠮᠡᠨ ᠳᠤ ᠰᠦᠯᠵᠢᠶ᠎ᠡ ᠪᠠᠷ ︽ᠦᠨᠡᠮᠯᠡᠯ ᠭᠠᠷᠳᠠᠭᠤᠯᠬᠤ︾ ︽ᠺᠣᠳ᠋ ᠢ ᠨᠢ ᠦᠵᠡᠭᠦᠯᠬᠦ︾ | ᠦᠢᠯᠡᠴᠢᠯᠡᠭᠡ ᠬᠠᠩᠭᠠᠪᠠ᠃ | ᠵᠠᠮᠨᠠᠬᠤ ᠡᠯᠧᠺᠲᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ᠄ | ᠨᠢᠭᠡ ᠳᠤ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ᠃ ᠮᠠᠰᠢᠨ ᠲᠡᠷᠭᠡᠨ ᠤ ᠥᠮᠴᠢᠯᠡᠭᠴᠢ ︽ᠵᠠᠮ | ᠬᠠᠷᠢᠯᠴᠠᠭᠠᠨ ᠤ ᠬᠠᠮᠢᠶᠠᠷᠤᠯᠲᠠ 12123︾ APP ᠠᠴᠠ ᠵᠠᠮᠨᠠᠬᠤ ᠡᠯᠧᠺᠲᠷᠣᠨ ᠦᠨᠡᠮᠯᠡᠯ ᠢ ᠰᠢᠭᠤᠳ ᠭᠤᠶᠤᠴᠢᠯᠠᠨ | ᠠᠪᠴᠤ ᠪᠣᠯᠤᠨ᠎ᠠ᠃ ᠵᠠᠮᠨᠠᠬᠤ ᠡᠯᠧᠺᠲᠷᠣᠨ ᠦᠨᠡᠮᠯᠡᠯ ᠤᠨ ᠦᠯᠢᠭᠡᠷ ᠬᠡᠪ ᠨᠢ ᠪᠥᠬᠦ ᠤᠯᠤᠰ ᠲᠤ ᠨᠢᠭᠡᠳᠦᠯᠲᠡᠶ ᠪᠠᠶᠢᠵᠤ᠂ | ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠢᠶᠠᠨ ᠰᠢᠢᠳᠪᠦᠷᠢᠯᠡᠭᠦᠯᠬᠦ᠂ ᠠᠳᠡᠯ ᠢ | ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ | ᠭᠦᠢᠴᠡᠳᠬᠡᠬᠦ ᠳᠤ ᠦᠵᠡᠭᠦᠯᠦᠨ ᠬᠡᠷᠡᠭᠯᠡᠵᠦ ᠪᠣᠯᠣᠨ᠎ᠠ᠂ ᠮᠠᠰᠢᠨ ᠲᠡᠷᠭᠡᠨ ᠤ ᠥᠮᠴᠢᠯᠡᠭᠴᠢ ᠪᠤᠰᠤᠳ ᠲᠤ ᠡᠷᠬᠡ ᠣᠯᠭᠤᠨ | ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠦᠨ ᠳᠤ ᠨᠠᠶᠢᠳᠠᠵᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠳᠤ | ᠳᠥᠭᠦᠮᠯᠡᠪᠡ᠃ ᠡᠭᠦᠨ ᠤ ᠬᠠᠮᠲᠤ᠂ ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ | ᠲᠥᠯᠥᠪᠦᠷᠢ ᠵᠡᠷᠭᠡ ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠤᠨ᠎ᠠ᠃ | ᠬᠤᠶᠠᠷ ᠲᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ᠃ ᠵᠠᠮᠨᠠᠬᠤ ᠡᠯᠧᠺᠲᠷᠣᠨ ᠦᠨᠡᠮᠯᠡᠯ ᠢ ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠰᠢᠰᠲ᠋ᠧᠮ | ᠪᠣᠶ ᠪᠣᠯᠭᠠᠵᠤ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ᠂ ᠪᠠᠷᠢᠴᠠᠭᠠᠯᠠᠬᠤ᠂ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠠᠶᠢᠳᠠᠯ ᠢ ᠬᠥᠳᠡᠯᠦᠩᠭᠦᠶ ᠪᠠᠷ | ᠢᠯᠡᠷᠡᠭᠦᠯᠵᠦ᠂ ᠴᠠᠭ ᠲᠤᠬᠠᠶ ᠳᠤ ᠨᠢ ᠪᠠᠶᠢᠴᠠᠭᠠᠨ ᠯᠠᠪᠯᠠᠬᠤ᠂ ᠴᠠᠭ ᠲᠤᠬᠠᠶ ᠳᠤ ᠨᠢ ᠭᠠᠷᠭᠠᠨ ᠦᠵᠡᠭᠦᠯᠬᠦ᠂ ᠴᠠᠭ | ᠲᠤᠬᠠᠶ ᠳᠤ ᠨᠢ ᠬᠢᠨᠠᠨ ᠰᠢᠯᠭᠠᠬᠤ ᠳᠤ ᠳᠥᠭᠦᠮᠯᠡᠵᠦ᠂ ᠲᠡᠷᠭᠡ ᠬᠥᠰᠬᠡ ᠶᠢ ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ | ᠲᠡᠷᠭᠡ ᠶᠢ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ ᠳᠥᠭᠦᠮᠯᠡᠪᠡ᠃ | ᠭᠤᠷᠪᠠ ᠳᠤ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠲᠷᠣᠨ ᠦᠨᠡᠮᠯᠡᠯ ᠨᠢ ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠡᠬᠢ | ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠭᠠᠷ ᠤᠨ ᠦᠰᠦᠭ ᠤᠨ | ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ᠂ ᠬᠤᠪᠢᠷᠠᠭᠤᠯᠬᠤ᠂ ᠬᠠᠭᠤᠷᠮᠠᠭ ᠢᠶᠠᠷ | ᠵᠣᠬᠢᠶᠠᠬᠤ ᠶᠢ ᠪᠦᠲᠦᠮᠵᠢᠲᠡᠶ ᠰᠡᠷᠭᠡᠶᠢᠯᠡᠵᠦ᠂ ᠵᠠᠮᠨᠠᠬᠤ ᠡᠯᠧᠺᠲᠷᠣᠨ ᠦᠨᠡᠮᠯᠡᠯ ᠤᠨ ᠦᠨᠡᠨ ᠪᠣᠳᠠᠲᠠᠶ ᠪᠥᠭᠡᠳ ᠬᠦᠴᠦᠨ ᠲᠠᠢ | ᠪᠠᠶᠢᠬᠤ ᠶᠢ ᠪᠠᠲᠤᠯᠠᠨ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠬᠤᠶ ᠲᠠᠯᠠᠪᠠᠶ ᠳᠤ ᠮᠡᠳᠡᠭᠡ ᠵᠠᠩᠭᠢ | ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ ᠬᠥᠳᠡᠯᠦᠩᠭᠦᠶ ᠬᠤᠶᠠᠷ ᠬᠡᠮᠵᠢᠯᠳᠦ ᠺᠣᠳ᠋᠂ | ᠳ᠋ᠠᠶᠢᠲ᠋ᠠ ᠶᠢᠨ ᠰᠡᠷᠭᠡᠭ ᠢ ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ᠂ ᠪᠣᠳᠠᠲᠤ ᠬᠥᠮᠦᠨ ᠭᠡᠷᠡᠴᠢᠯᠡᠬᠦ ᠵᠡᠷᠭᠡ ᠮᠡᠷᠭᠡᠵᠢᠯ ᠢ | ᠬᠡᠷᠡᠭᠯᠡᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠪᠠ᠃ | ᠲᠣᠳᠣᠷᠬᠠᠶᠢᠯᠠᠬᠤ ᠴᠢᠬᠤᠯᠠᠲᠠᠶ ᠨᠢ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ | ᠶᠣᠰᠣᠭᠠᠷ᠂ ᠵᠠᠮᠨᠠᠬᠤ ᠦᠨᠡᠮᠯᠡᠯ ᠤᠨ ᠴᠠᠭᠠᠰᠤᠨ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠶ︔ ᠵᠠᠮᠨᠠᠬᠤ | ᠡᠯᠧᠺᠲᠷᠣᠨ ᠦᠨᠡᠮᠯᠡᠯ ᠢ ᠭᠤᠤᠯᠳᠠᠭᠤ ᠬᠠᠮᠢᠶ᠎ᠠ ᠪᠥᠬᠦᠶ ᠴᠣᠩᠬᠤᠪᠴᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ | ᠬᠡᠷᠡᠭᠯᠡᠨ᠎ᠡ᠃ | ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ ᠭᠠᠷᠭᠠᠭᠰᠠᠨ ᠠᠴᠠ | ᠨᠠᠭᠠᠰᠢ᠂ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ ᠲᠦᠮᠡᠨ ᠤ ᠪᠠ ᠠᠵᠤ | ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ᠃ |